ᠬᠠᠷᠠᠴᠢᠨ ᠬᠤᠰᠢᠭᠤᠨ ᠤ ᠣᠢ ᠶᠢᠨ ᠬᠤᠷᠮᠣᠢ ᠶᠢᠨ ᠠᠵᠤ ᠠᠬᠤᠢ ᠶᠢ ᠪᠤᠵᠠᠭᠠᠢᠷᠠᠭᠤᠯᠤᠨ  ᠲᠠᠷᠢᠶᠠᠴᠢᠳ ᠲᠤ ᠠᠰᠢᠭ ᠬᠦᠷᠲᠡᠪᠡ
ᠨᠡᠶᠢᠲᠡᠯᠡᠭᠰᠡᠨ ᠴᠠᠭ᠄
2024/11/8
  ᠬᠠᠷᠠᠴᠢᠨ ᠬᠤᠰᠢᠭᠤᠨ ᠤ ᠣᠢ ᠶᠢᠨ ᠬᠤᠷᠮᠣᠢ ᠶᠢᠨ ᠠᠵᠤ ᠠᠬᠤᠢ ᠶᠢ ᠪᠤᠵᠠᠭᠠᠢᠷᠠᠭᠤᠯᠤᠨ  ᠲᠠᠷᠢᠶᠠᠴᠢᠳ ᠲᠤ ᠠᠰᠢᠭ ᠬᠦᠷᠲᠡᠪᠡ   ᠣᠶᠢᠷ᠎ᠠ ᠶᠢᠨ ᠵᠢᠯ ᠳᠤ᠂ ᠬᠠᠷᠠᠴᠢᠨ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠢᠳᠡᠪᠬᠢᠲᠡᠶ ᠦᠢᠯᠡᠳᠦᠯᠭᠡᠵᠢᠭᠦᠯᠵᠦ᠂ ᠣᠶ ᠰᠢᠭᠤᠶ ᠶᠢᠨ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠤᠷᠰᠢᠯᠲᠠ ᠬᠢᠵᠦ ᠬᠥᠲᠥᠯᠦᠨ ᠳᠠᠭᠠᠭᠤᠯᠬᠤ ᠪᠠᠷ ᠳᠠᠮᠵᠢᠭᠤᠯᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠣᠶ ᠰᠢᠭᠤᠶ ᠶᠢᠨ ᠦᠢᠯᠡᠰ ᠤᠨ ᠠᠵᠤ ᠠᠬᠤᠶ ᠶᠢᠨ ᠠᠵᠤ ᠦᠢᠯᠡᠰ ᠤᠨ ᠲᠤᠰᠬᠠᠶ ᠠᠬᠢᠭᠤᠯᠬᠤ ᠳᠤᠭᠤᠶᠢᠯᠠᠩ ᠪᠠ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠬᠢᠶ᠎ᠡ ᠶᠢᠨ ᠲᠤᠰᠬᠠᠶ ᠬᠤᠳᠠᠯᠳᠤᠭᠠᠴᠢᠨ ᠤᠷᠢᠬᠤ ᠳᠤᠭᠤᠶᠢᠯᠠᠩ ᠢ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠣᠶ ᠰᠢᠭᠤᠶ ᠶᠢᠨ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠵᠤ᠂ ᠬᠥᠨᠳᠡᠯᠡᠨ ᠢᠶᠠᠷ ᠬᠤᠯᠪᠣᠯᠳᠤᠭᠰᠠᠨ᠂ ᠭᠤᠯᠳᠤ ᠪᠠᠷ ᠨᠡᠪᠲᠡᠷᠡᠭᠰᠡᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠡᠭᠡᠷ᠎ᠡ ᠶᠢᠨ ᠣᠶ ᠶᠢᠨ ᠬᠤᠷᠮᠣᠶ ᠶᠢᠨ ᠭᠠᠷᠤᠯᠲᠠ ᠵᠢᠮᠢᠰ ᠲᠡᠭᠦᠬᠦ᠂ ᠣᠶ ᠶᠢᠨ ᠬᠤᠷᠮᠣᠶ ᠶᠢᠨ ᠲᠠᠷᠢᠮᠠᠯ᠂ ᠣᠶ ᠶᠢᠨ ᠬᠤᠷᠮᠣᠶ ᠶᠢᠨ ᠲᠡᠵᠢᠭᠡᠨ ᠦᠷᠡᠵᠢᠭᠦᠯᠬᠦ᠂ ᠣᠶ ᠵᠢᠮᠢᠰ ᠤᠨ ᠦᠢᠯᠡᠰ ᠂ ᠣᠶ ᠶᠢᠨ ᠭᠠᠷᠤᠯᠲᠠ ᠶᠢ ᠪᠣᠯᠪᠠᠰᠤᠷᠠᠭᠤᠯᠬᠤ᠂ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠵᠡᠷᠭᠡ 6 ᠵᠦᠢᠯ ᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠶ ᠲᠣᠭᠲᠠᠭᠠᠪᠠ᠃ ︽ᠤᠷᠢᠳᠠᠪᠠᠷ ᠲᠤᠷᠰᠢᠯᠲᠠ ᠬᠢᠵᠦ᠂ ᠳᠠᠷᠠᠭ᠎ᠠ ᠨᠢ ᠳᠡᠯᠭᠡᠷᠡᠭᠦᠯᠬᠦ︾ ᠠᠷᠭ᠎ᠠ ᠪᠣᠳᠣᠯᠭ᠎ᠠ ᠶᠢ ᠠᠪᠴᠤ᠂ ᠤᠯᠤᠰ ᠤᠨ ᠥᠮᠴᠢᠯᠡᠯᠲᠦ 4 ᠣᠢ ᠰᠢᠭᠤᠢ ᠶᠢᠨ ᠲᠠᠯᠠᠪᠠᠢ ᠶᠢ ᠰᠣᠩᠭᠤᠨ ᠲᠤᠷᠰᠢᠯᠲᠠ ᠶᠢᠨ ᠨᠢᠭᠡᠴᠡ ᠪᠣᠯᠭᠠᠵᠤ᠂ ᠪᠠᠭ᠎ᠠ ᠲᠠᠯᠠᠪᠠᠢ ᠪᠠᠷ ᠲᠤᠷᠰᠢᠯᠲᠠ ᠬᠢᠬᠦ᠂ ᠣᠯᠠᠨ ᠶᠠᠩᠵᠤ ᠪᠠᠷ ᠦᠷ᠎ᠡ ᠰᠣᠩᠭᠤᠬᠤ᠂ ᠣᠯᠠᠨ ᠵᠦᠢᠯ ᠠᠴᠠ ᠮᠠᠲ᠋ᠧᠷᠢᠶᠠᠯ ᠠᠪᠬᠤ ᠠᠷᠭ᠎ᠠ ᠪᠠᠷ ᠲᠤᠰ ᠭᠠᠵᠠᠷ ᠤᠨ ᠬᠥᠭᠵᠢᠭᠦᠯᠬᠦ ᠳᠤ ᠲᠣᠬᠢᠷᠠᠬᠤ ᠣᠢ ᠰᠢᠭᠤᠢ ᠶᠢᠨ ᠮᠥᠭᠦ᠂ ᠣᠢ ᠰᠢᠭᠤᠢ ᠶᠢᠨ ᠡᠮ ᠤᠨ ᠴᠢᠨᠠᠷ ᠰᠠᠶᠢᠲᠠᠢ ᠡᠭᠦᠯᠳᠡᠷ ᠢ ᠰᠣᠩᠭᠤᠨ ᠪᠤᠶᠢᠵᠢᠭᠤᠯᠵᠤ᠂ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭᠠᠬᠢ ᠲᠥᠷᠥᠯ ᠵᠦᠢᠯ ᠤᠨ ︽ᠬᠥᠷᠥᠰᠥ ᠰᠢᠷᠣᠢ ᠶᠢ ᠦᠯᠦ ᠵᠥᠪᠰᠢᠶᠡᠷᠡᠬᠦ︾ ᠲᠦᠭᠰᠢᠭᠦᠷᠢ ᠠᠴᠠ ᠪᠦᠲᠦᠮᠵᠢᠲᠡᠶ ᠪᠠᠷ ᠵᠠᠶᠢᠯᠠᠨ᠎ᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠳᠤ 8 ᠲᠦᠮᠡᠨ ᠮᠥ ᠣᠶ ᠶᠢᠨ ᠬᠤᠷᠮᠣᠶ ᠶᠢᠨ ᠲᠠᠷᠢᠮᠠᠯ ᠢ ᠬᠥᠭᠵᠢᠭᠦᠯᠵᠦ᠂ ᠲᠥᠪᠯᠡᠷᠡᠨ ᠵᠠᠯᠭᠠᠯᠳᠤᠭᠰᠠᠨ 100 ᠮᠦ ᠠᠴᠠ ᠳᠡᠭᠡᠭᠰᠢᠬᠢ ᠣᠶ ᠶᠢᠨ ᠮᠥᠭᠦ ᠶᠢᠨ ᠰᠠᠭᠤᠷᠢᠨ ᠭᠠᠵᠠᠷ ᠢ 6 ᠪᠠᠶᠢᠭᠤᠯᠵᠤ᠂ ᠬᠡᠪᠴᠢᠶᠡᠵᠢᠭᠰᠡᠨ ᠣᠶ ᠶᠢᠨ ᠭᠠᠷᠤᠯᠲᠠ ᠶᠢ ᠡᠳ᠋ᠰᠢᠭᠦᠯᠬᠦ᠂ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠠᠵᠤ ᠠᠬᠤᠶᠢᠯᠠᠯ ᠢ 6 ᠪᠠᠶᠢᠭᠤᠯᠵᠤ᠂ ᠣᠶ ᠶᠢᠨ ᠬᠤᠷᠮᠣᠶ ᠶᠢᠨ ᠭᠠᠷᠤᠯᠲᠠ ᠶᠢᠨ ᠡᠳ᠋ ᠢ ᠲᠡᠭᠦᠬᠦ᠂ ᠣᠶ ᠶᠢᠨ ᠬᠤᠷᠮᠣᠶ ᠶᠢᠨ ᠲᠠᠷᠢᠮᠠᠯ᠂ ᠣᠶ ᠶᠢᠨ ᠬᠤᠷᠮᠣᠶ ᠶᠢᠨ ᠲᠡᠵᠢᠭᠡᠨ ᠦᠷᠡᠵᠢᠭᠦᠯᠬᠦ᠂ ᠣᠶ ᠰᠢᠭᠤᠶ ᠵᠢᠮᠢᠰ ᠤᠨ ᠦᠢᠯᠡᠰ ᠂ ᠣᠶ ᠶᠢᠨ ᠭᠠᠷᠤᠯᠲᠠ ᠶᠢ ᠡᠳ᠋ᠰᠢᠭᠦᠯᠬᠦ᠂ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠵᠡᠷᠭᠡ 6 ᠬᠦᠷᠢᠶ᠎ᠡ ᠶᠢ ᠬᠠᠮᠤᠷᠴᠤ᠂ ᠵᠢᠯ ᠤᠨ ᠶᠡᠷᠦᠩᠬᠡᠶᠢᠯᠡᠭᠰᠡᠨ ᠦᠶ᠋ᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠴᠢᠳ ᠢ ᠳᠡᠮᠵᠢᠨ 4000 ᠭᠠᠷᠤᠶ ᠡᠷᠦᠬᠡ 2 ᠲᠦᠮᠡ ᠭᠠᠷᠤᠶ ᠬᠥᠮᠦᠨ ᠨᠡᠮᠡᠭᠳᠡᠭᠦᠯᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号