ᠬᠠᠷᠠᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ ︵ᠬᠤᠶᠠᠷ︶
ᠨᠡᠶᠢᠲᠡᠯᠡᠭᠰᠡᠨ ᠴᠠᠭ᠄
2024/12/10
   ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠ ᠪᠥᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃ ᠬᠤᠷᠠᠯ ᠠᠴᠠ ᠪᠠᠲᠤᠯᠠᠬᠤ ᠪᠠᠷ ᠳᠡᠮᠵᠢᠨ᠂ ᠵᠣᠣ ᠶᠠᠨ ᠬᠤᠩ ᠤᠨ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠴᠠᠶ᠃ ᠪᠠᠢ ᠯᠢᠩ ᠢ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠣᠷᠣᠯᠠᠭᠴᠢ ᠬᠤᠰᠢᠭᠤᠨ ᠳᠠᠷᠤᠭ᠎ᠠ ᠪᠠᠷ ᠲᠣᠮᠢᠯᠠᠬᠤ ᠪᠠᠷ ᠲᠣᠭᠲᠠᠭᠠᠪᠠ︔ ᠨᠢᠦ ᠵᠠᠨ ᠯᠦᠩ ᠢ ᠬᠠᠷᠠᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ᠂ ᠰᠢᠭᠦᠨ ᠲᠠᠰᠤᠯᠬᠤ ᠵᠥᠪᠯᠡᠯ ᠤᠨ ᠭᠡᠰᠢᠭᠦᠨ᠂ ᠳᠡᠳ᠋ ᠳᠠᠷᠤᠭ᠎ᠠ ᠪᠠᠷ ᠲᠣᠮᠢᠯᠠᠵᠤ᠂ ᠭᠤᠤ ᠯᠸᠢ᠂ ᠯᠢ ᠳ᠋ᠠ ᠸᠧᠢ ᠶᠢ ᠬᠠᠷᠠᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠪᠠᠷ ᠲᠣᠮᠢᠯᠠᠪᠠ᠃   ᠬᠤᠷᠠᠯ ᠳᠡᠭᠡᠷ᠎ᠡ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠯᠠᠭᠴᠢ ᠬᠤᠰᠢᠭᠤᠨ ᠳᠠᠷᠤᠭ᠎ᠠ ᠪᠠᠶ ᠯᠢᠩ ᠵᠡᠷᠭᠡ ᠨᠥᠬᠦᠳ ᠲᠠᠰ ᠳᠠᠷᠠᠭᠠᠯᠠᠨ ᠲᠤᠰᠢᠶᠠᠯ ᠳᠤ ᠭᠠᠷᠬᠤ ᠶᠠᠷᠢᠶ᠎ᠠ ᠲᠠᠯᠪᠢᠪᠠ︔ ᠮᠠ ᠵᠢᠩ ᠬᠤᠸᠠ ᠰᠢᠨ᠎ᠡ ᠪᠠᠷ ᠲᠤᠰᠢᠶᠠᠯ ᠳᠤ ᠭᠠᠷᠤᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ ︔ ᠲᠤᠬᠠᠢ ᠶᠢᠨ ᠲᠠᠯᠠᠪᠠᠢ ᠳᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃ ᠬᠤᠷᠠᠯ ᠠᠴᠠ ᠪᠠᠰᠠ ᠪᠥᠬᠦ ᠬᠤᠰᠢᠭᠤᠨ ᠤ ᠮᠠᠯ ᠵᠢᠭᠦᠷᠲᠡᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠤᠯᠭᠠᠨ ᠯᠠᠪᠯᠠᠬᠤ ᠠᠵᠢᠯ ᠥᠷᠨᠢᠭᠦᠯᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号