12 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠵᠣᠣ ᠶᠠᠨ ᠬᠤᠩ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ | ᠪᠠᠶ ᠯᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠲᠤᠤ ᠮᠧᠩ ᠬᠤᠩ ᠬᠠᠮᠢᠶ᠎ᠠ ᠪᠥᠬᠦᠶ ᠠᠵᠢᠯ ᠢ ᠲᠣᠰ ᠲᠣᠰ ᠨᠠᠷᠢᠨ ᠨᠢᠮᠪᠠᠶ ᠲᠣᠬᠢᠷᠠᠭᠤᠯᠤᠨ | ᠪᠠᠶᠢᠷᠢᠯᠠᠭᠤᠯᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ | ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠢᠨᠠᠨ | ᠰᠢᠯᠭᠠᠵᠤ ᠦᠨᠡᠯᠡᠨ ᠵᠢᠱᠢᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ᠃ | ᠵᠤᠤ ᠶᠠᠨ ᠬᠤᠩ ᠵᠢᠭᠠᠵᠤ ᠭᠠᠷᠭᠠᠭᠰᠠᠨ ᠨᠢ᠂ ᠣᠳᠣᠬᠠᠨ ᠤ ︽ᠰᠡᠭᠦᠯᠴᠢ ᠶᠢᠨ ᠦᠨᠡᠯᠡᠯᠲᠡ︾ ᠶᠢᠨ ᠠᠵᠢᠯ ᠤᠨ | ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠯᠵᠠᠭᠤ ᠵᠠᠯᠬᠠᠭᠤ ᠪᠤᠳᠤᠯ ᠰᠠᠨᠠᠭ᠎ᠠ ᠶᠢ | ᠲᠡᠪᠴᠢᠵᠦ᠂ ᠰᠡᠳᠬᠢᠯ ᠰᠢᠭᠤᠳᠤᠨ ᠳᠤᠲᠠᠭᠤᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ︽ᠬᠤᠶᠠᠷ ᠢ ᠵᠣᠪᠠᠭ᠋ᠤ ᠦᠭᠡᠢ | ᠭᠤᠷᠪᠠ ᠶᠢ ᠪᠠᠲᠤᠯᠠᠬᠤ︾ ᠪᠣᠯᠤᠨ ᠤᠤᠭᠤᠬᠤ ᠤᠰᠤᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ | ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠬᠦᠴᠦᠯᠡᠨ | ᠪᠠᠬᠢᠵᠢᠭᠦᠯᠦᠨ ᠥᠷᠭᠡᠳᠬᠡᠬᠦ ᠬᠡᠷᠡᠭᠲᠡᠢ᠃ ︽ᠮᠡᠳᠡᠭᠡ ᠵᠠᠩᠭᠢ ᠣᠨᠣᠪᠴᠢ ᠦᠭᠡᠢ ᠪᠠᠶᠢᠬᠤ︾ ᠵᠡᠷᠭᠡ ᠲᠤᠪᠤᠶᠢᠮ᠎ᠠ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠢᠨᠠᠨ ᠰᠢᠯᠭᠠᠬᠤ ᠭᠤᠣᠯᠳᠠᠯᠭ᠎ᠠ ᠶᠢ ᠴᠢᠩᠭ᠎ᠠ ᠠᠩᠬᠠᠷᠴᠤ᠂ ᠠᠵᠢᠯ ᠤᠨ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠠᠶᠢᠴᠠᠭᠠᠯᠲᠠ ᠶᠢ ᠤᠭᠲᠤᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ | |