ᠵᠣᠣ ᠶᠠᠨ ᠬᠤᠩ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ ︵ᠬᠤᠶᠠᠷ︶
ᠨᠡᠶᠢᠲᠡᠯᠡᠭᠰᠡᠨ ᠴᠠᠭ᠄
2024/12/22
   ᠵᠤᠤ ᠶᠠᠨ ᠬᠤᠩ ᠴᠢᠬᠤᠯᠠᠴᠢᠯᠠᠭᠰᠠᠨ ᠨᠢ᠂ ᠡᠯ᠎ᠡ ᠲᠣᠰᠬᠤᠨ ᠤ ᠭᠤᠣᠯᠳᠠᠯᠭ᠎ᠠ ᠲᠠᠢ ᠡᠷᠦᠬᠡ ᠶᠢ ᠴᠢᠩᠭ᠎ᠠ ᠠᠩᠬᠠᠷᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠰᠠᠶᠢᠨ ᠣᠶᠢᠯᠠᠭᠠᠵᠤ᠂ ︽8 ᠠᠰᠠᠭᠤᠳᠠᠯ︾᠂ ︽30 ᠠᠵᠢᠯ ᠤᠨ ᠰᠠᠨᠠᠭᠤᠯᠤᠮᠵᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠭᠲᠠ ᠮᠥᠷᠲᠡᠭᠡᠨ ᠨᠠᠷᠢᠨ ᠨᠢᠮᠪᠠᠢ ᠡᠮᠬᠢᠯᠡᠬᠦ ᠬᠡᠷᠡᠭᠲᠡᠢ᠃ ᠠᠰᠠᠭᠤᠳᠠᠯ ᠢ ᠴᠢᠩᠭ᠎ᠠ ᠠᠩᠬᠠᠷᠴᠤ᠂ ︽ᠨᠢᠭᠡ ᠡᠳᠦᠷ ᠲᠤ ᠨᠢᠭᠡ ᠤᠳᠠᠭ᠎ᠠ ᠰᠤᠳᠤᠯᠤᠨ ᠮᠠᠭᠠᠳᠯᠠᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠴᠢᠩᠭ᠎ᠠ ᠠᠩᠬᠠᠷᠴᠤ᠂ ︽ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠬᠤ︾ ᠶᠢ ᠪᠡᠶᠡᠯᠡᠭᠦᠯᠵᠦ᠂ ᠡᠯ᠎ᠡ ᠲᠦᠷᠦᠯ ᠤᠨ ᠨᠥᠬᠦᠪᠥᠷᠢ ᠶᠢ ᠲᠠᠷᠬᠠᠭᠠᠵᠤ ︽ᠲᠠᠷᠬᠠᠭᠠᠬᠤ ᠶᠣᠰᠣᠲᠠᠢ ᠶᠢ ᠨᠢ ᠪᠦᠬᠦᠨ ᠢ ᠣᠯᠭᠤᠬᠤ︾ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠶᠠᠳᠠᠭᠤ ᠶᠢ ᠲᠡᠳᠬᠦᠬᠦ ᠡᠳ᠋ ᠬᠦᠷᠦᠩᠭᠡ ᠶᠢᠨ ᠠᠰᠢᠭ ᠣᠷᠣᠯᠭ᠎ᠠ ᠶᠢᠨ ᠮᠥᠩᠭᠦ ᠶᠢᠨ ︽ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ︾ ᠶᠢ ᠪᠠᠲᠤᠯᠠᠬᠤ ᠬᠡᠷᠡᠭᠲᠡᠢ᠃ ᠲᠤᠭ᠎ᠠ ᠪᠠᠷᠢᠮᠲᠠ ᠶᠢᠨ ᠪᠣᠭᠤᠮᠲᠠ ᠶᠢ ᠴᠢᠩᠭ᠎ᠠ ᠠᠳᠬᠤᠵᠤ᠂ ᠳᠡᠭᠡᠳᠦ ᠲᠤᠤᠷᠠᠳᠤ ᠱᠠᠳᠤ ᠪᠠᠨ ᠨᠢᠭᠡᠳᠦᠯᠲᠡᠢ ᠪᠠᠶᠢᠯᠭᠠᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ᠂ ᠭᠦᠢᠴᠡᠳ ᠭᠡᠷᠡᠴᠢ ᠪᠣᠯᠭᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ︽ᠰᠡᠭᠦᠯᠴᠢ ᠶᠢᠨ ᠦᠨᠡᠯᠡᠯᠲᠡ︾ ᠶᠢᠨ ᠰᠤᠷᠪᠤᠯᠵᠢᠯᠠᠨ ᠶᠠᠷᠢᠯᠴᠠᠬᠤ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠢ ᠲᠦᠷᠭᠡᠨ ᠪᠦᠷᠢᠯᠳᠦᠭᠦᠯᠵᠦ᠂ ᠶᠠᠪᠤᠴᠠ ᠶᠢ ︽ᠬᠠᠰᠤᠬᠤ ᠠᠷᠭ᠎ᠠ︾ ᠶᠢ ᠰᠢᠯᠢᠳᠡᠭᠵᠢᠭᠦᠯᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠠᠶᠢᠨ ᠺᠠᠳ᠋ᠷ ᠢ ᠭᠦᠨᠵᠡᠭᠡᠢ ᠠᠭᠤᠳᠠᠯᠵᠤ᠂ ᠦᠯᠢᠭᠡᠷ ᠳᠠᠭᠤᠷᠢᠶᠠᠯ ᠤᠨ ᠬᠦᠴᠦᠨ ᠢ ᠪᠠᠳᠠᠷᠠᠭᠤᠯᠵᠤ᠂ ︽ᠰᠡᠭᠦᠯᠴᠢ ᠶᠢᠨ ᠦᠨᠡᠯᠡᠯᠲᠡ︾ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃   ᠪᠠᠢ ᠯᠢᠩ ᠴᠢᠬᠤᠯᠠᠴᠢᠯᠠᠭᠰᠠᠨ ᠨᠢ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠭᠤᠣᠯᠳᠠᠯᠭ᠎ᠠ ᠶᠢ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠷᠢᠭᠲᠠᠢ ᠪᠠᠷ ᠡᠭᠦᠷᠭᠡᠯᠡᠵᠦ᠂ ᠠᠵᠢᠯ ᠤᠨ ᠠᠷᠭ᠎ᠠ ᠶᠢ ᠠᠮᠢᠳᠤᠯᠢᠭ ᠪᠠᠶᠢᠯᠭᠠᠵᠤ᠂ ᠪᠣᠳᠠᠲᠤ ᠶᠠᠪᠤᠳᠠᠯ ᠤᠨ ᠲᠤᠯᠭᠠᠭᠤᠷᠢᠯᠠᠯ ᠢ ᠬᠦᠴᠦᠲᠡᠢ ᠪᠠᠶᠢᠯᠭᠠᠬᠤ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾ ᠤᠨ ᠪᠠᠭ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠦᠬᠦᠨ ᠢ ᠲᠣᠰᠬᠤᠨ ᠳᠤ ᠬᠦᠷᠴᠦ ᠡᠷᠦᠬᠡ ᠳᠤ ᠬᠦᠷᠴᠦ᠂ ᠪᠣᠳᠠᠲᠤ ᠪᠠᠶᠢᠳᠠᠯ ᠢ ᠨᠠᠷᠢᠨ ᠲᠣᠳᠣᠷᠬᠠᠶ ᠣᠶᠢᠯᠠᠭᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠳᠤ ᠲᠤᠰᠢᠶᠠᠬᠤ ᠶᠣᠰᠣᠲᠠᠶ ᠶᠢ ᠨᠢ ᠪᠦᠬᠦᠨ ᠢ ᠲᠤᠰᠢᠶᠠᠬᠤ᠂ ᠣᠨᠳᠣᠤ ᠭᠠᠵᠠᠷ ᠲᠤ ᠨᠡᠭᠦᠯᠭᠡᠬᠦ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢ ᠪᠣᠯᠪᠠᠰᠤᠷᠠᠩᠭᠤᠶ᠂ ᠰᠠᠭᠤᠷᠢ ᠲᠤᠭ᠎ᠠ ᠶᠢ ᠲᠣᠳᠣᠷᠬᠠᠶ᠂ ᠪᠠᠶᠢᠳᠠᠯ ᠢ ᠲᠣᠳᠣᠷᠬᠠᠶ ᠪᠣᠯᠭᠠᠵᠤ᠂ ᠠᠵᠢᠯ ᠲᠥᠷᠥᠯ ᠤᠨ ᠰᠠᠯᠠᠭ᠎ᠠ ᠮᠥᠴᠢᠷ ᠤᠳ ᠬᠠᠮᠵᠢᠯᠴᠠᠨ ᠬᠠᠷᠢᠭᠤᠴᠠᠬᠤ ᠶᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠭᠤᠤᠯᠳᠠᠯᠭ᠎ᠠ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号