ᠮᠠᠨ ᠤ ᠬᠤᠰᠢᠭᠤ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠷᠬᠠᠭᠠᠬᠤ ᠰᠣᠷᠢᠯᠲᠠ ᠶᠢᠨ ᠬᠤᠷᠠᠯ ᠬᠤᠷᠠᠯᠳᠤᠭᠤᠯᠪᠠ ︵ᠬᠤᠶᠠᠷ︶
ᠨᠡᠶᠢᠲᠡᠯᠡᠭᠰᠡᠨ ᠴᠠᠭ᠄
2024/12/25
   ᠰᠣᠷᠢᠯᠲᠠ ᠪᠠᠷ ᠳᠡᠮᠵᠢᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠢᠪᠲᠦᠷᠲᠦ ᠤᠰᠤ ᠶᠢ ᠵᠠᠳᠠᠷᠠᠭᠤᠯᠤᠭᠰᠠᠨ ᠠᠳᠡᠯ ᠢ ᠰᠡᠷᠭᠡᠶᠢᠯᠡᠬᠦ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠲᠠᠷᠬᠠᠭᠠᠬᠤ ᠮᠡᠳᠡᠯᠭᠡ ᠤᠷ᠎ᠠ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠ ᠵᠣᠬᠢᠴᠠᠭᠤᠯᠤᠨ ᠪᠠᠶᠢᠯᠳᠤᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠪᠠ ᠠᠵᠤ ᠠᠬᠤᠶ ᠶᠢᠨ ᠠᠮᠤᠷ ᠲᠦᠪᠰᠢᠨ᠂ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠰᠠᠭᠤᠷᠢ ᠲᠠᠯᠪᠢᠵᠤ ᠥᠭᠴᠡᠶ᠃   ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠬᠠᠷᠢᠭᠤᠴᠠᠯᠭᠠᠲᠠᠨ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠵᠢᠴᠢ ᠬᠤᠰᠢᠭᠤᠨ ᠤ ᠳᠣᠲᠣᠷᠠᠬᠢ 60 ᠭᠠᠷᠤᠶ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 100 ᠭᠠᠷᠤᠶ ᠬᠥᠮᠦᠨ ᠦᠵᠡᠭᠦᠯᠦᠯᠭᠡ ᠶᠢᠨ ᠬᠤᠷᠠᠯ ᠳᠤ ᠣᠷᠣᠯᠴᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号