ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠨ᠂ ᠦᠨᠳᠦᠰᠦᠨ ᠬᠠᠤᠯᠢ ᠶᠢᠨ ᠤᠬᠠᠮᠰᠠᠷ ᠢ | ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 12 ᠰᠠᠷ᠎ᠠ ᠶᠢᠨ | 3 ᠤ ᠡᠳᠦᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠬᠤᠰᠢᠭᠤᠨ ᠤ ᠠᠷᠠᠳ ᠤᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠵᠢᠨᠱᠠᠨ ᠲᠣᠮᠣ ᠠᠰᠠᠷ᠂ ᠾᠧᠨᠠᠨ ᠵᠡᠭᠡᠯᠢ | ᠭᠤᠳᠤᠮᠵᠢ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠬᠠᠮᠲᠤᠷᠠᠨ | ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠦᠨᠳᠦᠰᠦᠨ ᠬᠠᠤᠯᠢ ᠶᠢᠨ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ | ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ | ᠲᠠᠯᠠᠪᠤᠷ ᠲᠤ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠶᠢ ᠭᠥᠯᠢᠶᠡᠨ ᠠᠪᠬᠤ ᠵᠡᠷᠭᠡ ᠣᠯᠠᠨ ᠵᠦᠢᠯ ᠤᠨ | ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ | ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠠᠤᠯᠢ︾ ᠵᠡᠷᠭᠡ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠬᠤ ᠶᠢᠨ ᠬᠠᠮᠲᠤ ᠣᠯᠠᠨ ᠲᠦᠮᠡᠨ ᠤ ᠠᠮᠢᠳᠤᠷᠠᠯ ᠳᠤᠮᠳᠠᠬᠢ ᠨᠡᠶᠢᠲᠡᠯᠢᠭ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ︽ᠨᠢᠭᠤᠷᠳᠠᠬᠤ᠂ ᠵᠠᠶ ᠥᠬᠡᠶ ᠪᠠᠶᠢᠯᠭᠠᠬᠤ᠂ ᠬᠠᠷᠢᠯᠴᠠᠨ ᠬᠥᠳᠡᠯᠦᠯᠴᠡᠬᠦ ᠮᠠᠶ᠋ᠢᠭ︾ | ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ ᠲᠤᠬᠠᠶ ᠶᠢᠨ | ᠲᠠᠯᠠᠪᠤᠷ ᠲᠤ ᠬᠠᠷᠢᠭᠤᠯᠲᠠ ᠥᠭᠴᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠤᠴᠢᠷ ᠶᠠᠪᠤᠳᠠᠯ | ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠬᠡᠷᠡᠭᠯᠡᠬᠦ ᠰᠠᠶᠢᠨ ᠰᠠᠶᠢᠬᠠᠨ | ᠳᠠᠳᠬᠠᠯ ᠲᠠᠢ ᠪᠣᠯᠭᠠᠬᠤ ᠬᠡᠷᠡᠭᠲᠡᠶ᠃ | |