12 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ | ᠬᠤᠰᠢᠭᠤᠨ ᠳᠠᠷᠤᠭ᠎ᠠ ᠪᠠᠶ ᠯᠢᠩ 2024 ᠣᠨ ᠤ 8 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠵᠠᠩ ᠵᠢᠶ ᠲᠤᠤ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᡁᠢ | ᠯᠢᠶᠠᠩ᠂ ᠸᠠᠩ ᠶᠦᠨ ᠰᠢᠶᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠴᠢᠦ ᠶᠧ᠂ ᠮᠧᠩ | ᠹᠠᠨ ᡂᠢ᠂ ᠢᠦᠶ ᠬᠤᠸᠠ ᠶᠠᠨ᠂ ᠵᠤᠸᠠᠩ ᠸᠧᠨ ᠳ᠋ᠢ᠂ ᠲᠢᠶᠠᠨ ᠬᠠᠶ ᠱᠧᠩ ᠬᠤᠷᠠᠯ ᠳᠤ ᠣᠷᠣᠯᠴᠠᠵᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠶᠢᠨ ᠨᠡᠷ᠎ᠡ ᠳᠤᠷᠠᠳᠤᠭᠳᠠᠭᠴᠢ ᠵᠧᠩ ᠰᠢᠶᠠᠨ ᠬᠤᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠷᠧᠨ ᠯᠢᠨ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ | ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ | ᠰᠤᠷᠤᠯᠴᠠᠵᠤ᠂ ︽ᠬᠠᠷᠠᠴᠢᠨ ᠬᠤᠰᠢᠭᠤᠨ ᠤ ᠬᠠᠶᠢᠷ ᠴᠢᠯᠠᠭᠤᠨ ᠤ ᠲᠥᠷᠥᠯ ᠤᠨ ᠪᠤᠰᠤ ᠠᠭᠤᠷᠬᠠᠶ ᠶᠢᠨ ᠦᠯᠡᠳᠡᠭᠰᠡᠨ | ᠬᠠᠶᠢᠷ ᠴᠢᠯᠠᠭᠤᠨ ᠤ ᠮᠠᠲ᠋ᠧᠷᠢᠶᠠᠯ ᠢ ᠰᠢᠢᠳᠪᠦᠷᠢᠯᠡᠬᠦ ᠲᠥᠰᠦᠯ︾᠂ ︽ᠬᠠᠷᠠᠴᠢᠨ ᠬᠤᠰᠢᠭᠤ ᠬᠠᠮᠲᠤᠷᠠᠨ ᠡᠵᠡᠩᠨᠡᠬᠦ ︵ | ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ | ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ︾ ᠢ ᠬᠢᠨᠠᠨ ᠵᠥᠪᠯᠡᠵᠦ᠂ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠭ᠎ᠠ ᠪᠠᠶᠢᠳᠠᠯ᠂ ᠪᠥᠬᠦ | ᠬᠤᠰᠢᠭᠤᠨ ᠤ ᠠᠶᠤᠯᠭᠦᠶ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠵᠠᠬᠢᠳᠠᠯ | ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠠᠵᠢᠯ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ | ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠡᠷᠭᠡ ᠬᠤᠯᠪᠣᠭᠳᠠᠯ ᠪᠥᠬᠦᠶ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠰᠢᠰᠲ᠋ᠧᠮ ᠲᠠᠢ | ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢᠨ ᠬᠠᠷᠠᠯᠲᠠ ᠡᠭᠦᠷᠭᠡ᠂ ᠪᠣᠳᠠᠲᠠᠢ | ᠠᠭᠤᠯᠭ᠎ᠠ ᠪᠣᠯᠤᠨ ᠠᠵᠢᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠮᠵᠢᠶᠡᠵᠢᠭᠦᠯᠵᠦ | ᠪᠣᠯᠬᠤ᠂ ᠨᠠᠶᠢᠳᠠᠪᠤᠷᠢᠵᠢᠭᠤᠯᠵᠤ ᠪᠣᠯᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ | ᠪᠦᠬᠦ ᠬᠦᠴᠦᠨ ᠢᠶᠠᠷ ᠢᠶᠠᠨ ᠲᠦᠷᠭᠡᠳᠬᠡᠵᠦ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ | ᠲᠤᠬᠠᠢ ᠶᠢᠨ ᠵᠢᠯ ᠳᠤ ᠠᠵᠢᠯ ᠡᠬᠢᠯᠡᠭᠦᠯᠵᠦ᠂ ᠲᠤᠬᠠᠢ ᠶᠢᠨ ᠵᠢᠯ ᠳᠤ ᠠᠵᠢᠯ ᠳᠠᠭᠤᠰᠬᠠᠬᠤ ᠶᠢ ᠪᠠᠲᠤᠯᠠᠵᠤ᠂ ᠦᠨᠡᠨᠬᠦ | ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠪᠡᠯᠡ ᠮᠥᠩᠭᠦ᠂ ᠭᠠᠵᠠᠷ | ᠰᠢᠷᠣᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠦᠷᠦᠯ | ᠵᠦᠢᠯ ᠢ ᠪᠣᠭᠤᠳᠠᠯᠯᠠᠬᠤ ᠲᠥᠰᠦᠪᠯᠡᠯ ᠢ ᠨᠠᠷᠢᠨ ᠨᠢᠮᠪᠠᠢ ᠰᠠᠶᠢᠲᠤᠷ ᠬᠢᠵᠦ᠂ ᠢᠳᠡᠪᠬᠢᠲᠡᠢ ᠪᠠᠷ ᠰᠠᠯᠠᠭ᠎ᠠ ᠮᠥᠴᠢᠷ ᠲᠤ | ᠬᠦᠷᠴᠦ ᠲᠢᠩᠬᠢᠮ ᠳᠤ ᠣᠷᠣᠵᠤ᠂ ᠨᠡᠩ ᠤᠯᠠᠨ ᠪᠡᠯᠡ ᠮᠥᠩᠭᠦ ᠶᠢᠨ ᠳᠡᠮᠵᠢᠯᠭᠡ ᠶᠢ ᠣᠯᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠬᠤᠷᠠᠯ ᠠᠴᠠ᠂ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠦᠢᠯ ᠤᠨ ᠴᠢᠬᠤᠯᠠ | ᠴᠢᠨᠠᠷ ᠢ ᠭᠦᠨᠵᠡᠭᠡᠢ ᠲᠠᠨᠢᠵᠤ᠂ ᠡᠨᠡ ᠡᠪᠦᠯ ᠢᠷᠡᠬᠦ ᠬᠠᠪᠤᠷ ᠤᠨ ᠠᠶᠤᠯᠭᠦᠢ ᠦᠢᠯᠡᠳᠪᠦᠷᠢᠯᠡᠯ ᠤᠨ ᠵᠢᠮ᠎ᠡ ᠶᠣᠰᠣᠨ ᠤ | ᠣᠨᠴᠠᠯᠢᠭ ᠲᠠᠢ ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠪᠥᠭᠡᠳ ᠨᠠᠷᠢᠯᠢᠭ | ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ | ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠠᠶᠢᠲᠤᠷ ᠠᠳᠬᠤᠵᠤ᠂ ᠬᠦᠨᠳᠦ ᠶᠡᠭᠡ ᠠᠳᠡᠯ ᠤᠨ ᠭᠡᠮ | ᠰᠣᠭᠤᠭ ᠢ ᠬᠥᠳᠡᠯᠦᠩᠭᠦᠢ ᠪᠠᠷ ᠠᠷᠢᠯᠭᠠᠬᠤ ᠶᠢ ᠠᠬᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ | ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠬᠤ ᠬᠡᠷᠡᠭᠲᠡᠢ᠃ ᠠᠶᠤᠯ ᠲᠦᠭᠰᠢᠭᠦᠷᠢ ᠶᠢᠨ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨᠲᠠᠷᠠᠭᠠᠬᠤ᠂ ᠠᠭᠤᠷᠬᠠᠶ᠂ | ᠠᠶᠤᠯᠲᠠᠶ ᠬᠢᠮᠢ ᠶᠢᠨ ᠪᠣᠳᠠᠰ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠸᠠᠷ ᠫᠤᠤᠵᠢᠩ᠂ ᠵᠠᠮ ᠬᠠᠷᠢᠯᠴᠠᠭ᠎ᠠ | ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ | ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠩ ᠪᠠᠯᠭᠠᠰᠤ ᠵᠡᠭᠡᠯᠢ ᠭᠤᠳᠤᠮᠵᠢ᠂ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠨᠢᠭᠲᠠ ᠬᠠᠮᠵᠢᠯᠴᠠᠨ᠂ ᠬᠠᠷᠢᠶ᠎ᠠ ᠭᠠᠵᠠᠷ ᠪᠠ ᠬᠠᠷᠢᠶ᠎ᠠ ᠠᠵᠢᠯ ᠲᠥᠷᠥᠯ ᠤᠨ ᠢᠶᠠᠨ ᠬᠢᠨᠠᠯᠲᠠ ᠬᠠᠮᠢᠶᠠᠷᠤᠯᠲᠠ ᠪᠠ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠬᠤᠷᠠᠯ ᠠᠴᠠ ᠡᠮᠦᠨ᠎ᠡ᠂ ᠪᠠᠢ ᠯᠢᠩ 11 ᠳ᠋ᠤᠭᠡᠷ ᠤᠳᠠᠭ᠎ᠠ ᠶᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠣᠯᠣᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠨᠡᠶᠢᠭᠡᠮ ᠤᠨ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ︽ | ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ ᠰᠤᠳᠤᠯᠤᠨ ᠬᠢᠨᠠᠨ ᠵᠥᠪᠯᠡᠪᠡ᠃ |