ᠬᠠᠷᠠᠴᠢᠨ ᠬᠤᠰᠢᠭᠤ ︽ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠬᠤᠷᠳᠤᠴᠠ ᠪᠠᠨ ᠳᠡᠭᠡᠭᠰᠢᠯᠡᠭᠦᠯᠵᠦ᠂ ᠠᠵᠤ ᠠᠬᠤᠢ ᠶᠢ ᠬᠦᠭᠵᠢᠭᠦᠯᠬᠦ︾ ᠶᠠᠷᠢᠯᠴᠠᠭᠠᠨ ᠤ ᠬᠦᠳᠡᠯᠭᠡᠭᠡᠨ ᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ ︵ᠨᠢᠭᠡ︶
ᠨᠡᠶᠢᠲᠡᠯᠡᠭᠰᠡᠨ ᠴᠠᠭ᠄
2024/12/4
   12 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ︽ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠬᠤᠷᠳᠤᠴᠠ ᠪᠠᠨ ᠳᠡᠭᠡᠭᠰᠢᠯᠡᠭᠦᠯᠵᠦ᠂ ᠠᠵᠤ ᠠᠬᠤᠢ ᠶᠢ ᠬᠦᠭᠵᠢᠭᠦᠯᠬᠦ︾ ᠶᠠᠷᠢᠯᠴᠠᠭᠠᠨ ᠤ ᠬᠦᠳᠡᠯᠭᠡᠭᠡᠨ ᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠨᠣᠮ ᠤᠩᠰᠢᠬᠤ ᠠᠩᠭᠢ ᠶᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠰᠠᠨᠠᠭ᠎ᠠ ᠪᠠᠨ ᠴᠢᠯᠥᠭᠡᠯᠡᠬᠦ ᠲᠤᠬᠠᠶ ᠴᠢᠬᠤᠯᠠ ᠥᠭᠦᠯᠡᠯᠲᠡ᠂ ᠬᠤᠲᠠ ᠶᠢᠨ ᠨᠠᠮ ᠤᠨ ᠬᠤᠷᠢᠶᠠᠨ ᠤ ︽︿ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠬᠤᠷᠳᠤᠴᠠ ᠪᠠᠨ ᠳᠡᠭᠡᠭᠰᠢᠯᠡᠭᠦᠯᠵᠦ᠂ ᠠᠵᠤ ᠠᠬᠤᠢ ᠶᠢ ᠬᠦᠭᠵᠢᠭᠦᠯᠬᠦ ﹀ ᠶᠠᠷᠢᠯᠴᠠᠭᠠᠨ ᠤ ᠬᠦᠳᠡᠯᠭᠡᠭᠡᠨ ᠤ ᠲᠤᠬᠠᠶ ᠬᠡᠷᠡᠭᠵᠢᠭᠦᠯᠬᠦ ᠲᠥᠰᠦᠯ︾ ᠢ ᠲᠥᠪᠯᠡᠷᠡᠭᠦᠯᠦᠨ ᠰᠤᠷᠤᠯᠴᠠᠵᠤ᠂ ᠬᠤᠰᠢᠭᠤᠨ ᠤ ᠱᠠᠲᠤᠨ ᠤ ᠪᠣᠳᠠᠲᠠᠶ ᠨᠠᠶᠢᠳᠠᠪᠤᠷᠢᠵᠢᠭᠤᠯᠬᠤ ᠲᠥᠰᠦᠯ ᠢ ᠲᠠᠶᠢᠯᠪᠤᠷᠢᠯᠠᠬᠤ ᠶᠢᠨ ᠬᠠᠮᠲᠤ ᠪᠥᠬᠦ ᠬᠤᠰᠢᠭᠤᠨ ᠤ ᠶᠠᠷᠢᠯᠴᠠᠬᠤ ᠬᠦᠳᠡᠯᠭᠡᠭᠡᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃   ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶ᠎ᠠ ︽ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠬᠤᠷᠳᠤᠴᠠ ᠪᠠᠨ ᠳᠡᠭᠡᠭᠰᠢᠯᠡᠭᠦᠯᠵᠦ᠂ ᠠᠵᠤ ᠠᠬᠤᠢ ᠶᠢ ᠬᠦᠭᠵᠢᠭᠦᠯᠬᠦ︾ ᠶᠠᠷᠢᠯᠴᠠᠭᠠᠨ ᠤ ᠬᠦᠳᠡᠯᠭᠡᠭᠡᠨ ᠥᠷᠨᠢᠭᠦᠯᠬᠦ ᠪᠣᠯ ᠤᠯᠠᠭᠠᠨᠬᠠᠳᠠ ᠶᠢᠨ ᠪᠣᠳᠠᠲᠤ ᠪᠠᠶᠢᠳᠠᠯ ᠳᠤ ᠰᠠᠭᠤᠷᠢᠯᠠᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠬᠤ ᠪᠥᠭᠡᠳ ᠪᠠᠰᠠ ᠴᠤ ᠡᠯ᠎ᠡ ᠱᠠᠲᠤᠨ ᠤ ᠺᠠᠳ᠋ᠷᠴᠤᠳ ᠢ ᠳᠠᠶᠢᠴᠢᠯᠠᠨ ᠦᠵᠡᠯ ᠰᠠᠨᠠᠭ᠎ᠠ ᠪᠠᠨ ᠴᠢᠯᠥᠭᠡᠯᠡᠬᠦ᠂ ᠦᠵᠡᠯᠲᠡ ᠪᠠᠨ ᠰᠢᠨᠡᠳᠬᠡᠬᠦ᠂ ᠡᠷᠳᠡᠮ ᠴᠢᠳᠠᠪᠤᠷᠢ ᠪᠠᠨ ᠴᠢᠩᠭᠠᠳᠬᠠᠬᠤ᠂ ᠡᠷᠴᠢ ᠵᠣᠷᠢᠭ ᠢᠶᠠᠨ ᠬᠥᠪᠴᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号