ᠲᠢᠶᠠᠨ ᠬᠠᠢ ᠱᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠬᠠᠪᠰᠤᠷᠤᠨ ᠲᠡᠳᠬᠦᠬᠦ ᠠᠵᠤ ᠠᠬᠤᠶᠢᠯᠠᠯ ᠢ ᠰᠤᠷᠪᠤᠯᠵᠢᠯᠠᠪᠠ ︵ᠬᠤᠶᠠᠷ︶
ᠨᠡᠶᠢᠲᠡᠯᠡᠭᠰᠡᠨ ᠴᠠᠭ᠄
2024/12/5
   ᠵᠦᠩ ᠯᠢᠶᠠᠩ ᠬᠤᠭᠤᠴᠠᠭᠠᠲᠤ ᠪᠠᠷᠠᠭᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠦ᠋ ᠬᠤᠤ ᠵᠢᠶᠦ᠋ᠨ ᠪᠣᠯᠤᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠰᠠᠯᠠᠭᠠᠨ ᠤ ᠠᠷᠪᠠᠨ ᠲᠠᠪᠤᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠹᠠᠩ ᠭᠤᠸᠠᠩ ᠶᠢᠨ᠂ ᠲᠢᠶᠠᠨ ᠬᠠᠢ ᠱᠧᠩ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠳᠤᠮᠳᠠᠳᠤ ᠤᠯᠤᠰ ᠤᠨ ᠠᠮᠤ ᠪᠤᠳᠠᠭᠠᠨ ᠤ ᠬᠤᠭᠤᠴᠠᠭᠠᠲᠤ ᠪᠠᠷᠠᠭ᠎ᠠ ᠪᠠ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠰᠠᠯᠠᠭᠠᠨ ᠤ ᠠᠷᠪᠠᠨ ᠲᠠᠪᠤᠨ ᠰᠠᠯᠠᠭᠠᠨ ᠭᠠᠵᠠᠷ ᠨᠢ ᠬᠤᠶᠢᠰᠢᠳᠠ ᠬᠠᠷᠠᠴᠢᠨ ᠬᠤᠰᠢᠭᠤ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠲᠣᠰ ᠪᠡᠶ᠎ᠡ ᠶᠢᠨ ᠠᠵᠢᠯ ᠲᠥᠷᠥᠯ ᠤᠨ ᠣᠨᠴᠠᠯᠢᠭ ᠢᠶᠠᠨ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠬᠥᠭᠵᠢᠯᠲᠡ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠴᠢᠩᠭᠠᠳᠬᠠᠨ᠂ ᠦᠷᠭᠦᠯᠵᠢᠯᠡᠨ ᠣᠨᠢᠨ ᠳᠡᠭᠡᠷ᠎ᠡ ᠨᠢ ᠬᠦᠴᠦᠯᠡᠵᠦ᠂ ᠬᠠᠷᠠᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠴᠢᠩᠭ᠎ᠠ ᠬᠦᠴᠦᠲᠡᠶ ᠳᠡᠮᠵᠢᠯᠭᠡ ᠪᠠ ᠪᠠᠲᠤᠯᠠᠭ᠎ᠠ ᠬᠠᠩᠭᠠᠨ᠎ᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号