12 ᠰᠠᠷ᠎ᠠ ᠶᠢᠨ 6 ᠤ ᠡᠳᠤᠷ ᠳᠤᠮᠳᠠᠲᠦ ᠤᠯᠤᠰ ᠤᠨ ᠡᠪ ᠬᠠᠮᠲᠦ ᠨᠠᠮ ᠤᠨ ᠬᠠᠷᠠᠴᠢᠨ ᠬᠤᠰᠢᠭᠤᠨ ᠤ | ᠬᠤᠷᠢᠶ᠎ᠠ ᠶᠢᠨ ᠤᠬᠠᠭᠤᠯᠬᠤ ᠬᠡᠯᠳᠡᠰ ︽ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠬᠤᠷᠳᠤᠴᠠ ᠪᠠᠨ | ᠳᠡᠭᠡᠭᠰᠢᠯᠡᠭᠦᠯᠵᠦ᠂ ᠠᠵᠤ ᠠᠬᠤᠢ ᠶᠢ ᠬᠦᠭᠵᠢᠭᠦᠯᠬᠦ︾ ᠶᠢᠨ ᠶᠠᠷᠢᠯᠴᠠᠭᠠᠨ ᠤ ᠭᠦᠳᠡᠯᠭᠡᠭᠡᠨ ᠤ ᠳᠤᠰᠬᠠᠢ ᠰᠡᠲᠦᠪᠲᠦ | ᠪᠠᠶᠢᠷᠢᠯᠠᠭᠤᠯᠤᠯᠲᠠ ᠶᠢᠨ ᠬᠤᠷᠠᠯ ᠪᠠ ᠤᠨᠤᠯ ᠰᠤᠷᠤᠯᠴᠠᠬᠤ ᠭᠤᠤᠯ ᠲᠤᠭᠤᠶᠢᠯᠠᠩ ᠦᠷᠭᠡᠳᠭᠡᠭᠰᠡᠨ ᠨᠤᠮ ᠤᠩᠰᠢᠬᠤ | ᠠᠩᠭᠢ ᠡᠷᠭᠢᠯᠡᠪᠡ᠃ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠯᠢᠦ ᠬᠠᠢ ᠮᠧᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠠᠶᠢᠭᠤᠯᠭ᠎ᠠ ᠶᠢᠨ ᠪᠦᠬᠦ | ᠺᠠᠳ᠋ᠷ ᠬᠤᠷᠠᠯ ᠳᠤ ᠣᠷᠣᠯᠴᠠᠪᠠ᠃ | ᠬᠤᠷᠠᠯ ᠠᠴᠠ ᠢᠯᠡᠳᠬᠡᠭᠰᠡᠨ ᠨᠢ᠂ ︽ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠬᠤᠷᠳᠤᠴᠠ ᠪᠠᠨ | ᠳᠡᠭᠡᠭᠰᠢᠯᠡᠭᠦᠯᠵᠦ᠂ ᠠᠵᠤ ᠠᠬᠤᠢ ᠶᠢ ᠬᠦᠭᠵᠢᠭᠦᠯᠬᠦ︾ ᠶᠢᠨ ᠶᠠᠷᠢᠯᠴᠠᠭᠠᠨ ᠤ ᠭᠦᠳᠡᠯᠭᠡᠭᠡᠨ ᠥᠷᠨᠢᠭᠦᠯᠬᠦ ᠪᠣᠯ | ᠺᠠᠳ᠋ᠷᠴᠤᠳ ᠤᠨ ᠦᠵᠡᠯ ᠰᠠᠨᠠᠭ᠎ᠠ ᠪᠠᠨ ᠴᠢᠯᠥᠭᠡᠯᠡᠬᠦ᠂ ᠦᠵᠡᠯᠲᠡ ᠪᠠᠨ ᠬᠤᠪᠢᠷᠠᠭᠤᠯᠬᠤ᠂ ᠵᠣᠷᠢᠭ ᠰᠠᠨᠠᠭ᠎ᠠ ᠪᠠᠨ | ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠮᠥᠨ᠃ ᠪᠥᠬᠦ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ︽ᠦᠵᠡᠯ ᠰᠠᠨᠠᠭᠠᠨ ᠤ ᠶᠡᠭᠡ ᠴᠢᠯᠥᠭᠡᠯᠡᠯᠲᠡ᠂ ᠠᠵᠢᠯ ᠤᠨ ᠶᠡᠭᠡ ᠬᠤᠷᠳᠤᠴᠠ᠂ ᠠᠵᠤ | ᠠᠬᠤᠶ ᠶᠢᠨ ᠶᠡᠭᠡ ᠬᠥᠭᠵᠢᠯᠲᠡ︾ ᠶᠢᠨ ᠶᠠᠷᠢᠯᠴᠠᠭᠠᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ | ᠤᠬᠠᠭᠤᠯᠭ᠎ᠠ ᠶᠢᠨ ᠠᠵᠢᠯ ᠲᠠᠢ ᠤᠶᠠᠯᠳᠤᠭᠤᠯᠤᠨ ᠨᠠᠷᠢᠯᠢᠭ ᠣᠨᠣᠴᠠᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ | ᠬᠠᠮᠵᠢᠯᠴᠠᠨ ᠠᠬᠢᠭᠤᠯᠵᠤ᠂ ᠲᠣᠰ ᠤᠳᠠᠭᠠᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ | ᠨᠠᠶᠢᠳᠠᠪᠤᠷᠢᠵᠢᠭᠤᠯᠤᠯᠲᠠ ᠬᠦᠴᠦᠲᠡᠶ᠂ ᠦᠷ᠎ᠡ ᠪᠦᠲᠦᠮᠵᠢ ᠢᠯᠡᠷᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠣᠯᠠᠨ ᠬᠠᠷᠠᠭᠠᠰᠤ᠂ ᠪᠦᠬᠦ ᠲᠠᠯ᠎ᠠ ᠪᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠵᠡᠯ ᠰᠠᠨᠠᠭ᠎ᠠ ᠪᠠᠨ | ᠴᠢᠯᠥᠭᠡᠯᠡᠬᠦ᠂ ᠬᠥᠭᠵᠢᠯᠲᠡ ᠪᠠᠨ ᠲᠦᠷᠭᠡᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠣᠶ | ᠪᠣᠯᠭᠠᠬᠤ ᠬᠡᠷᠡᠭᠲᠡᠶ᠃ ᠦᠵᠡᠯ ᠰᠠᠨᠠᠭ᠎ᠠ ᠪᠠᠨ ᠦᠷᠭᠦᠯᠵᠢᠯᠡᠨ ᠴᠢᠯᠥᠭᠡᠯᠡᠵᠦ᠂ ᠦᠨᠡᠨ ᠠᠴᠠ ᠵᠥᠪ ᠢ ᠡᠷᠢᠵᠦ᠂ ᠴᠠᠭ | ᠦᠶ᠎ᠡ ᠲᠠᠢ ᠵᠡᠷᠭᠡᠪᠡᠷ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠤᠷᠤᠯᠴᠠᠵᠤ | ᠰᠤᠳᠤᠯᠤᠨ ᠶᠠᠷᠢᠯᠴᠠᠬᠤ᠂ ᠪᠠᠶᠢᠴᠠᠭᠠᠨ ᠰᠤᠳᠤᠯᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠢᠯᠡᠳᠦᠯᠭᠡ ᠶᠢᠨ | ᠰᠦᠪᠡᠭᠴᠢᠯᠡᠯᠲᠡ ᠪᠠ ᠣᠨᠣᠯ ᠤᠨ ᠰᠢᠨ᠎ᠡ ᠡᠭᠦᠳᠦᠯᠲᠡ ᠶᠢ ᠲᠠᠰᠤᠷᠠᠯᠲᠠ ᠥᠬᠡᠶ ᠬᠢᠵᠦ᠂ ᠴᠢᠨᠠᠷ ᠰᠠᠶᠢᠲᠠᠶ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢᠶᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ᠃ |