ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ︵ᠨᠢᠭᠡ︶
ᠨᠡᠶᠢᠲᠡᠯᠡᠭᠰᠡᠨ ᠴᠠᠭ᠄
2024/12/5
   12 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠢᠢᠷ᠎ᠠ ᠶᠢᠨ ᠬᠤᠭᠤᠴᠠᠭᠠᠨ ᠳᠤ ᠲᠥᠪ ᠤᠨ ᠲᠠᠯ᠎ᠠ ᠠᠴᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠣᠭᠲᠠᠴᠠ ᠶᠢᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠵᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾ ᠢ ᠳᠠᠷᠤᠮᠠᠯᠯᠠᠨ ᠲᠠᠷᠬᠠᠭᠠᠵᠤ᠂ ︽ᠬᠠᠷᠠᠴᠢᠨ ᠬᠤᠰᠢᠭᠤᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ︵ᠬᠢᠨᠠᠨ ᠵᠥᠪᠯᠡᠬᠦ ᠨᠤᠤᠷᠠᠭ︶︾ ᠪᠣᠯᠤᠨ ︽ᠬᠠᠷᠠᠴᠢᠨ ᠬᠤᠰᠢᠭᠤᠨ ᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠶᠢ ᠠᠬᠢᠭᠤᠯᠬᠤ ᠠᠵᠢᠯ ᠤᠨ ᠲᠣᠭᠲᠠᠴᠠ ᠶᠢᠨ ᠭᠤᠣᠯᠳᠠᠯᠭ᠎ᠠ ︵ᠬᠢᠨᠠᠨ ᠵᠥᠪᠯᠡᠬᠦ ᠨᠤᠤᠷᠠᠭ︶︾ ᠵᠡᠷᠭᠡ 9 ᠲᠣᠭᠲᠠᠴᠠ ᠶᠢᠨ ᠭᠤᠣᠯᠳᠠᠯᠭ᠎ᠠ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号