ᠬᠤᠰᠢᠭᠤᠨ ᠤ ᠨᠠᠮ ᠤᠨ ᠬᠤᠷᠢᠶᠠᠨ ᠤ ᠱᠦᠵᠢ ᠵᠣᠣ ᠶᠠᠨ ᠬᠤᠩ ︽ᠦᠵᠡᠯ ᠰᠠᠨᠠᠭ᠎ᠠ ᠪᠠᠨ ᠴᠢᠯᠦᠭᠡᠯᠡᠵᠦ᠂ ᠠᠵᠢᠯ ᠤᠨ ᠬᠤᠷᠳᠤᠴᠠ ᠪᠠᠨ ᠳᠡᠭᠡᠭᠰᠢᠯᠡᠭᠦᠯᠵᠦ᠂ ᠠᠵᠤ ᠠᠬᠤᠢ ᠶᠢ ᠬᠦᠭᠵᠦᠭᠦᠯᠬᠦ︾ ᠶᠠᠷᠢᠯᠴᠠᠬᠤ ᠬᠦᠳᠡᠯᠭᠡᠭᠡᠨ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ ︵ᠬᠤᠶᠠᠷ︶
ᠨᠡᠶᠢᠲᠡᠯᠡᠭᠰᠡᠨ ᠴᠠᠭ᠄
2024/12/9
   ᠵᠤᠤ ᠶᠠᠨ ᠬᠤᠩ ᠴᠢᠩᠭᠠᠳᠬᠠᠭᠰᠠᠨ ᠨᠢ᠂ ᠡᠷᠦᠬᠡ ᠳᠤ ᠣᠷᠣᠵᠤ ᠰᠤᠷᠪᠤᠯᠵᠢᠯᠠᠬᠤ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠲᠠᠩᠰᠠ ᠡᠪᠬᠡᠮᠡᠯ ᠢ ᠡᠮᠬᠢᠯᠡᠬᠦ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ︽ᠨᠠᠷᠢᠨ ᠨᠢᠮᠪᠠᠶ ᠪᠣᠳᠠᠲᠠᠶ ᠬᠢᠬᠦ ᠬᠡᠷᠡᠭᠲᠡᠶ︾ ᠬᠡᠵᠡᠢ᠃ ᠠᠵᠢᠯ ᠤᠨ ᠠᠷᠭ᠎ᠠ ᠶᠢ ᠠᠮᠢᠳᠤᠯᠢᠭ ᠢᠶᠠᠷ ᠡᠵᠡᠮᠰᠢᠵᠦ᠂ ᠪᠣᠳᠠᠲᠠᠢ ᠠᠵᠢᠯᠯᠠᠵᠤ᠂ ᠰᠢᠷᠭᠠᠭᠤ ᠠᠵᠢᠯᠯᠠᠬᠤ ᠮᠥᠷᠲᠡᠭᠡᠨ ᠪᠠᠰᠠ ᠬᠢᠵᠦ ᠴᠢᠳᠠᠬᠤ ᠬᠡᠷᠡᠭᠲᠡᠢ᠂ ᠠᠰᠠᠭᠤᠳᠠᠯ ᠤᠨ ᠦᠨᠳᠦᠰᠦ ᠰᠤᠷᠪᠤᠯᠵᠢ᠂ ᠳᠤᠲᠠᠭᠤᠳᠠᠯ ᠪᠠ ᠭᠡᠮ ᠰᠣᠭᠤᠭ ᠢ ᠣᠨᠣᠪᠴᠢᠲᠠᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠬᠤ ᠬᠡᠷᠡᠭᠲᠡᠢ᠃ ᠭᠤᠣᠯᠳᠠᠯᠭ᠎ᠠ ᠶᠢ ᠴᠢᠳᠠᠮᠠᠭᠠᠢ ᠪᠠᠷ ᠠᠳᠬᠤᠵᠤ᠂ ᠠᠵᠢᠯ ᠲᠦᠷᠦᠯ ᠤᠨ ᠰᠠᠯᠠᠭ᠎ᠠ ᠮᠥᠴᠢᠷ᠂ ᠪᠠᠯᠭᠠᠰᠤᠨ ᠤ ᠺᠠᠳ᠋ᠷ᠂ ᠲᠣᠰᠬᠤᠨ ᠤ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠡᠷᠭᠡ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠦᠨᠳᠦᠰᠦᠨ ᠵᠠᠩᠭᠢᠯᠠᠭ᠎ᠠ᠂ ᠭᠤᠣᠯ ᠭᠤᠭᠴᠤᠭ᠎ᠠ ᠶᠢᠨ ᠲᠠᠯ᠎ᠠ ᠠᠴᠠ ᠭᠠᠷᠳᠠᠵᠤ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠪᠠᠷ ᠨᠢ ᠠᠬᠢᠭᠤᠯᠵᠤ᠂ ᠠᠵᠢᠯ ᠤᠨ ᠰᠢᠯᠭᠠᠯᠲᠠ ᠶᠢ ᠳᠠᠭᠠᠭᠠᠵᠤ ᠳᠡᠶᠢᠯᠬᠦ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠠᠢ᠃   ᠬᠤᠰᠢᠭᠤᠨ ᠲᠠᠰ ᠤᠨ ᠤᠳᠤᠷᠢᠳᠤᠯᠭ᠎ᠠ ᠲᠤᠤ ᠮᠧᠩ ᠬᠤᠩ᠂ ᠸᠠᠩ ᠯᠢ ᠭᠦᠸᠧ᠂ ᠯᠢᠦᠶ ᠬᠠᠶ ᠳ᠋ᠦᠩ᠂ ᠵᠠᠩ ᠶᠦᠩ ᠴᠢᠶᠣᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号