ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/2/18
ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ  ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ ᠶᠢᠨ ᠲᠥᠪ᠂ ᠠᠷᠠᠳ ᠤᠨ ᠪᠦᠯᠬᠦᠮ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾᠂ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾᠂ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠰᠢᠭᠤᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠲᠠᠩᠰᠠ ᠶᠢᠨ ᠬᠠᠮᠢᠶᠠᠷᠤᠯᠲᠠ ᠳᠤ ᠣᠷᠣᠭᠤᠯᠤᠭᠰᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠡᠷᠬᠡᠪᠰᠢ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃  ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠣᠯᠠᠨ ᠨᠡᠶᠢᠲᠡ ᠶᠢᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢ ᠰᠢᠩᠭᠡᠭᠡᠨ ᠣᠷᠣᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ ᠴᠠᠭ ᠲᠤᠨᠢ ᠳᠣᠭᠢᠷᠠᠭᠤᠯᠤᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃  ᠬᠠᠷᠠᠴᠢᠨ ᠬᠤᠱᠢᠭᠤᠨ ᠤ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ  2024 ᠣᠨ ᠤ 5 ᠰᠠᠷ᠎ᠠ ᠶᠢᠨ 20 ᠤ ᠡᠳᠦᠷ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号