ᠮᠠᠨ ᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠵᠢᠴᠢ ᠤᠳᠤᠷᠢᠳᠬᠤ ᠺᠠᠳ᠋ᠷᠴᠤᠳ ᠤᠨ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/2/21
ᠮᠠᠨ ᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠵᠢᠴᠢ ᠤᠳᠤᠷᠢᠳᠬᠤ ᠺᠠᠳ᠋ᠷᠴᠤᠳ ᠤᠨ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ  ᠰᠢᠨ᠎ᠡ ᠵᠢᠯ ᠤᠨ ᠡᠬᠢᠨ ᠳᠤ᠂ ᠮᠠᠨ ᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠵᠢᠴᠢ ᠤᠳᠤᠷᠢᠳᠬᠤ ᠺᠠᠳ᠋ᠷᠴᠤᠳ ᠤᠨ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠬᠦ ᠣᠨᠣᠯ ᠤᠨ ᠰᠤᠷᠤᠯᠴᠠᠯᠭ᠎ᠠ ᠶᠢᠨ ᠠᠭᠤᠯᠭ᠎ᠠ ᠪᠠᠷ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠤ ᠴᠠᠭᠠᠨ ᠰᠠᠷ᠎ᠠ ᠶᠢᠨ ᠠᠩᠬᠠᠨ ᠤ ᠦᠵᠡᠯ ᠰᠠᠨᠠᠭᠠᠨ ᠤ ᠤᠬᠢᠶᠠᠯ ᠪᠠ ᠣᠨᠣᠯ ᠤᠨ ᠦᠪᠡᠳᠡᠭᠰᠢ ᠨᠠᠶᠢᠷ ᠢ ᠠᠪᠴᠢᠷᠠᠨ ᠥᠭᠴᠦ᠂ ᠣᠨᠣᠯ ᠤᠨ ᠵᠢᠯᠣᠭᠤᠳᠬᠤ ᠴᠢᠨᠠᠷ ᠪᠠ ᠦᠢᠯᠡᠳᠦᠯᠭᠡ ᠶᠢᠨ ᠬᠡᠷᠡᠭᠯᠡᠭᠡᠨ ᠤ ᠴᠢᠨᠠᠷ ᠢᠶᠠᠷ ᠮᠠᠰᠢ ᠴᠢᠩᠭ᠎ᠠ ᠪᠠᠶᠢᠵᠤ᠂ ᠪᠥᠬᠦ ᠬᠤᠰᠢᠭᠤᠨ ᠤ ᠪᠥᠬᠦ ᠵᠢᠯ ᠤᠨ ᠠᠵᠢᠯ ᠢᠶᠠᠨ ᠰᠠᠶᠢᠲᠤᠷ ᠡᠬᠢᠯᠡᠭᠦᠯᠦᠨ᠂ ᠬᠦᠴᠦ ᠴᠢᠳᠠᠯ ᠢᠶᠠᠨ ᠬᠤᠷᠠᠮᠳᠤᠭᠤᠯᠵᠤ ᠪᠠᠶᠢᠨ᠎ᠠ᠃ ᠰᠤᠷᠤᠯᠴᠠᠯᠭ᠎ᠠ ᠪᠣᠯ ᠪᠣᠯᠪᠠᠰᠤᠨ ᠤ ᠤᠯᠠᠮᠵᠢᠯᠠᠯ ᠤᠨ ᠵᠠᠮ᠂ ᠬᠥᠮᠦᠨ ᠤ ᠠᠮᠢᠳᠤᠷᠠᠯ ᠤᠨ ᠦᠰᠦᠨ ᠪᠤᠶᠢᠵᠢᠯᠲᠠ ᠶᠢᠨ ᠱᠠᠳᠤ᠂ ᠲᠦᠷᠦ ᠶᠢᠨ ᠨᠠᠮ ᠤᠨ ᠪᠠᠬᠢᠵᠢᠯ ᠤᠨ ᠰᠠᠭᠤᠷᠢ᠂ ᠤᠯᠤᠰ ᠣᠷᠣᠨ ᠤ ᠬᠥᠭᠵᠢᠯ ᠮᠠᠨᠳᠤᠯ ᠤᠨ ᠴᠢᠬᠤᠯᠠ ᠵᠦᠢᠯ ᠮᠥᠨ᠃ ᠰᠤᠷᠦᠯᠴᠡᠯᠭ᠎ᠠ ᠶᠢ ᠴᠢᠬᠤᠯᠠᠴᠢᠯᠠᠵᠤ᠂ ᠴᠢᠳᠠᠮᠠᠭᠠᠶ ᠪᠠᠷ ᠰᠤᠷᠤᠯᠴᠠᠬᠤ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠲᠠᠯ᠎ᠠ ᠮᠥᠨ᠃ 2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠵᠢᠯ ᠮᠥᠨ ᠮᠥᠨ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠬᠦᠴᠦ ᠪᠡᠨ ᠬᠤᠷᠠᠮᠳᠤᠭᠤᠯᠤᠨ ᠲᠠᠭᠢᠨ ᠮᠣᠷᠳᠠᠬᠤ ᠵᠠᠩᠭᠢᠯᠠᠭ᠎ᠠ ᠶᠢᠨ ᠦᠶ᠎ᠡ ᠳᠤ᠂ ᠮᠠᠨ ᠤ ᠬᠤᠰᠢᠭᠤ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠡᠷᠭᠢᠯᠠᠵᠤ ᠪᠠᠶᠢᠭ᠎ᠠ ᠨᠢ ᠶᠠᠭ ᠴᠠᠭ ᠲᠠᠭᠠᠨ ᠳᠣᠭᠢᠷᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠩ ᠲᠡᠷᠢᠭᠦᠨ ᠳᠤ ᠤᠳᠤᠷᠢᠳᠬᠤ ᠺᠠᠳ᠋ᠷᠴᠤᠳ ᠤᠨ ᠰᠡᠳᠬᠢᠯ ᠢ ᠠᠵᠢᠯ ᠳᠡᠭᠡᠷ᠎ᠡ ᠪᠠᠨ ᠲᠠᠲᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ᠰᠢᠨ᠎ᠡ ᠨᠢᠭᠡ ᠡᠭᠡᠯᠵᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠣᠯᠤᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠠᠨ᠎ᠠ᠃ ᠳᠠᠷᠠᠭ᠎ᠠ ᠳᠤᠨᠢ ᠰᠤᠷᠤᠯᠴᠠᠬᠤ ᠰᠤᠷᠲᠠᠯ ᠢᠶᠠᠨ ᠰᠠᠶᠢᠵᠢᠷᠠᠭᠤᠯᠵᠤ᠂ ᠮᠠᠨ ᠤ ᠬᠤᠰᠢᠭᠤᠨ ᠤ ᠰᠢᠯᠢᠳᠡᠭ ᠰᠤᠷᠤᠯᠴᠠᠬᠤ ᠤᠯᠠᠮᠵᠢᠯᠠᠯ ᠢᠶᠠᠨ ᠦᠷᠭᠦᠯᠵᠢᠯᠡᠭᠦᠯᠦᠨ᠎ᠡ᠃ ᠨᠣᠮ ᠤᠩᠰᠢᠬᠤ ᠠᠩᠬᠢ ᠳᠤ᠂ ᠥᠷᠭᠡᠨ ᠤᠯᠠᠨ ᠤᠳᠤᠷᠢᠳᠬᠤ ᠺᠠᠳ᠋ᠷ ᠢᠳᠡᠪᠬᠢᠲᠠᠢ ᠰᠤᠷᠤᠯᠴᠠᠵᠤ᠂ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ᠂ ᠪᠣᠳᠠᠲᠠᠶᠢᠵᠢᠭᠤᠯᠬᠤ᠂ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠤᠳᠤᠷᠢᠳᠬᠤ ᠺᠠᠳ᠋ᠷᠴᠤᠳ ᠢ ᠰᠤᠷᠤᠯᠴᠠᠯᠭ᠎ᠠ ᠶᠢ ᠨᠡᠩ ᠢᠯᠡᠭᠦᠦ ᠡᠷᠬᠢᠮᠯᠡᠵᠦ᠂ ᠤᠬᠠᠮᠰᠠᠷ ᠠᠴᠠ ᠪᠠᠨ ᠰᠤᠷᠤᠯᠴᠠᠯᠭ᠎ᠠ ᠶᠢ ᠨᠢᠭᠡ ᠵᠦᠢᠯ ᠤᠨ ᠤᠯᠤᠰ ᠲᠦᠷᠦ ᠶᠢᠨ ᠬᠠᠷᠢᠭᠤᠴᠠᠯᠭ᠎ᠠ᠂ ᠨᠢᠭᠡ ᠵᠦᠢᠯ ᠤᠨ ᠤᠶᠤᠨ ᠰᠠᠨᠠᠭᠠᠨ ᠤ ᠬᠥᠭᠡᠭᠡᠴᠡᠯᠳᠦᠯ᠂ ᠨᠢᠭᠡ ᠵᠦᠢᠯ ᠤᠨ ᠠᠮᠢᠳᠤᠷᠠᠯ ᠤᠨ ᠠᠷᠭ᠎ᠠ ᠬᠡᠯᠪᠡᠷᠢ ᠪᠣᠯᠭᠠᠬᠤ ᠬᠡᠷᠡᠭᠲᠡᠢ᠃ ᠬᠠᠮᠤᠭ ᠤᠨ ᠰᠡᠭᠦᠯ ᠳᠤ᠂ ᠤᠳᠤᠷᠢᠳᠬᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠢᠯᠡᠳᠦᠯᠭᠡ ᠪᠠᠨ ᠵᠢᠯᠤᠭᠤᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠳᠤᠨᠤᠨ᠂ ᠮᠠᠨ ᠤ ᠬᠤᠰᠢᠭᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠦᠢᠯᠡᠰ ᠢ ᠠᠳᠬᠤᠨ᠂ ᠪᠦᠲᠦᠴᠡ ᠶᠢ ᠳᠣᠭᠢᠷᠠᠭᠤᠯᠵᠤ᠂ ᠰᠠᠭᠤᠷᠢ ᠶᠢ ᠴᠢᠩᠭᠠᠳᠬᠠᠨ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠡᠯ᠎ᠡ ᠵᠦᠢᠯ ᠤᠨ ᠠᠵᠢᠯ ᠦᠢᠯᠡᠰ ᠲᠣᠪᠤᠶᠢᠮ᠎ᠠ ᠠᠮᠵᠢᠯᠲᠠ ᠣᠯᠵᠤ᠂ ᠬᠥᠭᠵᠢᠯᠲᠡ ᠶᠢᠨ ᠬᠠᠨᠳᠤᠰᠢ ᠡᠷᠴᠢᠮᠲᠡᠶ ᠪᠠᠶᠢᠨ᠎ᠠ᠃ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠠᠴᠢ ᠲᠤᠰᠠ᠂ ᠬᠤᠰᠢᠭᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠴᠢᠷᠮᠠᠶᠢᠨ ᠲᠡᠮᠡᠴᠡᠭᠰᠡᠨ ᠤ ᠠᠴᠢ ᠲᠤᠰᠠ᠂ ᠮᠥᠨᠴᠦ ᠪᠦᠬᠦ ᠬᠤᠰᠢᠭᠤᠨ ᠤ ᠳᠡᠭᠡᠳᠦ ᠲᠤᠤᠷᠠᠳᠤ ᠱᠠᠲᠤᠨ ᠤ ᠭᠦᠨᠵᠡᠭᠡᠢ ᠰᠤᠷᠤᠯᠴᠠᠵᠦ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠦᠭᠰᠡᠨ ᠤ ᠠᠴᠢ ᠲᠤᠰᠠ ᠪᠣᠯᠤᠨ᠎ᠠ᠃ ᠤᠳᠤᠷᠢᠳᠬᠤ ᠺᠠᠳ᠋ᠷᠴᠤᠳ ᠠᠵᠢᠯ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠲᠠᠰᠤᠷᠠᠯᠲᠠ ᠦᠭᠡᠶ ᠬᠤᠪᠢᠷᠠᠵᠤ ᠪᠠᠶᠢᠭ᠎ᠠ ᠬᠥᠭᠵᠢᠯᠲᠡ ᠶᠢᠨ ᠪᠠᠶᠢᠳᠠᠯ ᠤᠨ ᠡᠮᠦᠨ᠎ᠡ᠂ ᠭᠠᠭᠴᠠ ᠬᠦ ᠣᠨᠣᠯ ᠤᠨ ᠮᠡᠳᠡᠯᠭᠡ ᠶᠢ ᠦᠨᠡᠨ ᠬᠦ ᠠᠵᠢᠯ ᠢ ᠠᠬᠢᠭᠤᠯᠬᠤ ᠬᠥᠳᠡᠯᠭᠡᠬᠦ ᠬᠦᠴᠦᠨ ᠤ ᠡᠬᠢ ᠰᠤᠷᠪᠤᠯᠵᠢ ᠪᠣᠯᠭᠠᠨ ᠬᠤᠪᠢᠷᠠᠭᠤᠯᠵᠤ᠂ ᠳᠠᠷᠤᠯᠲᠠ ᠦᠵᠡᠭᠦᠯᠦᠨ ᠡᠷᠡᠯᠬᠡᠭᠯᠡᠨ ᠤᠷᠤᠭᠰᠢᠯᠠᠵᠤ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠪᠡᠯ ᠰᠠᠶ᠋ᠢ ᠠᠯᠢ ᠣᠯᠠᠨ ᠬᠠᠷᠠᠯᠲᠠ ᠶᠢ ᠪᠣᠳᠠᠲᠤ ᠠᠬᠤᠶ ᠪᠣᠯᠭᠠᠨ ᠬᠤᠪᠢᠷᠠᠭᠤᠯᠵᠤ ᠴᠢᠳᠠᠨ᠎ᠠ᠃  ᠰᠡᠳᠬᠢᠯ ᠢᠶᠠᠨ ᠬᠤᠷᠢᠶᠠᠵᠤ ᠣᠷᠣᠨ ᠪᠠᠶᠢᠷᠢ ᠳᠠᠭᠠᠨ ᠪᠤᠴᠠᠵᠤ᠂ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠨ᠎ᠠ᠃ ᠡᠨᠡ ᠤᠳᠠᠭᠠᠨ ᠤ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠤᠨ ᠳᠠᠪᠲᠠᠯᠲᠠ ᠪᠠᠷ ᠲᠠᠮᠵᠢᠨ᠂ ᠪᠦᠭᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠠᠴᠠ ᠣᠪᠣᠷ ᠰᠤᠷᠲᠠᠯ ᠬᠦᠷᠲᠡᠯ᠎ᠡ᠂ ᠤᠨᠤᠯ ᠠᠴᠠ ᠦᠢᠯᠡᠳᠦᠯᠭᠡ ᠬᠦᠷᠲᠡᠯ᠎ᠡ᠂ ᠴᠠᠭ ᠦᠶ᠎ᠡ ᠶᠢᠨ ᠤᠷᠤᠭᠰᠢᠯᠠᠯᠲᠠ ᠶᠢᠨ ᠠᠯᠬᠤᠮ ᠢ ᠳᠠᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠶᠢ ᠳᠠᠭᠠᠵᠤ᠂ ᠰᠢᠨ᠎ᠡ ᠠᠶᠠᠨ ᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠡᠭᠦᠷᠭᠡᠯᠡᠵᠦ᠂ ᠰᠢᠨ᠎ᠡ ᠴᠠᠭ ᠦᠶ᠎ᠡ ᠳᠤ ᠴᠢᠷᠮᠠᠶᠢᠨ ᠲᠡᠮᠡᠴᠡᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ ᠬᠡᠳᠡᠭ ᠢ ᠪᠢᠳᠡ ᠢᠲᠡᠭᠡᠵᠦ ᠪᠠᠶᠢᠨ᠎ᠠ︕ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号