ᠱᠠᠩᠬᠠᠶ ᠶᠢᠨ ᠭᠦᠩ ᠵᠢ ᠷᠦᠨ ᠳ᠋ᠤᠤ ᠪᠦᠯᠦᠭᠯᠡᠯ ᠬᠠᠷᠠᠴᠢᠨ ᠬᠤᠰᠢᠭᠤᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/2/23
 ᠱᠠᠩᠬᠠᠶ ᠶᠢᠨ ᠭᠦᠩ ᠵᠢ ᠷᠦᠨ ᠳ᠋ᠤᠤ ᠪᠦᠯᠦᠭᠯᠡᠯ ᠬᠠᠷᠠᠴᠢᠨ ᠬᠤᠰᠢᠭᠤᠨ ᠳᠤ ᠰᠢᠨᠵᠢᠯᠡᠨ ᠪᠠᠶᠢᠴᠠᠭᠠᠪᠠ  2 ᠰᠠᠷ᠎ᠠ ᠶᠢᠨ 23 ᠤ ᠡᠳᠦᠷ᠂ ᠱᠠᠩᠬᠠᠶ ᠶᠢᠨ ᠭᠦᠩ ᠵᠢᠶ ᠷᠦᠨ ᠳ᠋ᠤᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠧᠩ ᠷᠦᠨ ᠨᠠᠷ ᠮᠠᠨ ᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠲᠠᠰ ᠤᠨ ᠤᠳᠤᠷᠢᠳᠤᠯᠭ᠎ᠠ ᠵᠣᠣ ᠶᠠᠨ ᠬᠤᠩ᠂ ᠸᠠᠩ ᠯᠢ ᠭᠦᠸᠧ᠂ ᠯᠢᠦᠶ ᠬᠠᠶ ᠳ᠋ᠦᠩ᠂ ᠸᠠᠩ ᠴᠢᠦ ᠶᠧ᠂ ᠢᠦᠶ ᠬᠤᠸᠠ ᠶᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠶ᠃  ᠹᠠᠩ ᠷᠦᠢ ᠱᠠᠩᠬᠠᠶ ᠶᠢᠨ ᠾᠦᠩ ᠵᠢᠶ ᠷᠦᠨ ᠳ᠋ᠤᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠧᠩ ᠷᠦᠨ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠ ᠶᠠᠷᠢᠯᠴᠠᠬᠤ ᠬᠤᠷᠠᠯ ᠢᠶᠠᠷ ᠡᠬᠢᠯᠡᠯᠲᠡ ᠪᠣᠯᠭᠠᠵᠤ᠂ ᠨᠡᠪᠲᠡᠷᠡᠯᠴᠡᠭᠡ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠥᠩ ᠵᠢᠢ ᠷᠦᠨ ᠳ᠋ᠤᠤ ᠪᠦᠯᠦᠭᠯᠡᠯ ᠤᠨ ᠬᠢᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠲᠥᠷᠥᠯ ᠵᠦᠢᠯ ᠤᠨ ᠪᠠᠯᠠ ᠤᠷᠤᠭᠤᠯᠤᠯᠲᠠ᠂ ᠪᠤᠶᠢᠵᠢᠯᠲᠠ ᠬᠥᠭᠵᠢᠯᠲᠡ ᠶᠢ ᠬᠠᠷᠠᠴᠢᠨ ᠬᠤᠰᠢᠭᠤᠨ ᠤ ᠳᠠᠪᠠᠭᠤᠯᠢᠭ ᠨᠥᠬᠦᠴᠡᠯ᠂ ᠡᠬᠢ ᠪᠠᠶᠠᠯᠢᠭ ᠤᠨ ᠲᠥᠷᠥᠯᠬᠢ ᠠᠪᠢᠶᠠᠰ᠂ ᠳᠠᠯᠳᠠ ᠬᠦᠴᠦᠨ ᠤ ᠠᠯᠤᠰ ᠢᠷᠡᠭᠡᠳᠦᠶ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ ᠢᠶᠠᠨ ᠪᠥᠬᠦ ᠲᠠᠯ᠎ᠠ ᠶᠢᠨ᠂ ᠣᠷᠳᠣ ᠬᠤᠭᠤᠴᠠᠭᠠᠨ ᠤ᠂ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠪᠠᠷ ᠴᠢᠷᠮᠠᠶᠢᠵᠤ᠂ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃ ᠡᠭᠦᠨ ᠤ ᠬᠠᠮᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠯᠦᠭᠯᠡᠯ ᠲᠠᠢ ᠭᠦᠨᠵᠡᠭᠡᠢ ᠤᠯᠤᠯᠴᠠᠨ ᠰᠣᠯᠢᠯᠴᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠰᠠᠨᠠᠮᠵᠢ᠂ ᠭᠠᠵᠠᠷ ᠬᠡᠷᠡᠭᠯᠡᠬᠦ ᠬᠡᠷᠡᠭᠴᠡᠭᠡ᠂ ᠰᠠᠭᠤᠷᠢ ᠲᠥᠬᠦᠭᠡᠷᠦᠮᠵᠢ ᠶᠢᠨ ᠱᠠᠭᠠᠷᠳᠠᠯᠭ᠎ᠠ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠨᠠᠷᠢᠨ ᠨᠢᠭᠲᠠ ᠵᠣᠯᠭᠠᠭᠤᠯᠤᠨ ᠣᠶᠢᠯᠠᠭᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠬᠦᠷᠢᠶᠡᠨ ᠤ ᠲᠤᠬᠠᠢ ᠡᠷᠲᠡᠬᠡᠨ ᠰᠠᠨᠠᠯ ᠨᠢᠭᠡᠳᠬᠦ ᠪᠠᠷ ᠴᠢᠷᠮᠠᠶᠢᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠲᠣᠭᠲᠠᠭᠠᠵᠤ᠂ ᠬᠠᠮᠲᠤᠷᠠᠯᠴᠠᠭᠠᠨ ᠤ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃  ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠮᠠᠨ ᠤ ᠬᠤᠰᠢᠭᠤᠨ ᠤ ᠡᠬᠢ ᠪᠠᠶᠠᠯᠢᠭ᠂ ᠲᠠᠪᠴᠠᠩ᠂ ᠲᠥᠷᠥ ᠶᠢᠨ ᠪᠣᠳᠣᠯᠭ᠎ᠠ᠂ ᠣᠷᠴᠢᠨ ᠲᠣᠭᠤᠷᠢᠨ ᠵᠡᠷᠭᠡ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠵᠡᠰ ᠬᠦᠴᠢᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠲᠠᠰᠤᠷᠠᠯᠲᠠ ᠥᠬᠡᠶ ᠡᠷᠢᠯᠬᠢᠯᠡᠵᠦ᠂ ᠭᠠᠷ ᠬᠤᠯᠪᠣᠯᠴᠠᠨ ᠬᠥᠭᠵᠢᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠡᠷᠲᠡᠬᠡᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃  ᠵᠧᠩ ᠷᠦᠨ ᠮᠠᠨ ᠤ ᠬᠣᠰᠢᠭᠤᠨ ᠤ ᠠᠵᠤ ᠦᠢᠯᠡᠰ ᠦᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠭᠰᠠᠨ ᠤ ᠲᠠᠷᠠᠭ᠎ᠠ ᠂ ᠬᠠᠷᠠᠴᠢᠨ ᠬᠣᠰᠢᠭᠤᠨ ᠤ ᠣᠷᠣᠨ ᠪᠠᠶᠢᠷᠢ ᠪᠣᠯᠤᠨ ᠡᠬᠢ ᠪᠠᠶᠠᠯᠢᠭ ᠤᠨ ᠳᠠᠪᠠᠭᠤᠯᠢᠭ ᠢᠯᠡᠳᠲᠡ ᠪᠠᠶᠢᠵᠤ ᠂ ᠬᠥᠭᠵᠢᠯᠲᠡ ᠶᠢᠨ ᠰᠠᠷᠠᠭᠤᠯ ᠢᠷᠡᠭᠡᠳᠦᠶ ᠪᠠ ᠲᠠᠯᠲᠠ ᠬᠦᠴᠦᠨ ᠲᠡᠶ ᠪᠠᠶᠢᠵᠤ ᠂ ᠬᠣᠶᠠᠷ ᠲᠠᠯ᠎ᠠ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠨ᠎ᠠ ᠭᠡᠵᠦ ᠦᠵᠡᠭᠰᠡᠨ ᠪᠥᠭᠡᠳ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠶ ᠪᠣᠯᠪᠠ ᠃  ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠷᠠᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠤᠬᠠᠭᠤᠯᠭ᠎ᠠ ᠶᠢᠨ ᠹᠢᠯᠢᠮ ᠢ ᠦᠵᠡᠵᠦ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠪᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号