| – | | 3 5 | | 5 | | | | | | | | | | | | | | | | | | | 3 ᠰᠠᠷ᠎ᠠ ᠶᠢᠨ 5 ᠤ ᠡᠳᠦᠷ᠂ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠲᠡᠭᠦᠨ ᠤ ᠪᠠᠶᠢᠭ᠎ᠠ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ | ᠵᠢᠶᠠᠩᠰᠤ ᠶᠢᠨ ᠲᠥᠯᠥᠭᠡᠯᠡᠭᠴᠢᠳ ᠤᠨ | ᠪᠦᠯᠭᠦᠮ ᠤᠨ ᠬᠢᠨᠠᠨ ᠵᠥᠪᠯᠡᠬᠦ ᠳᠤ | ᠣᠷᠣᠯᠴᠠᠪᠠ᠃ | ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠤᠸᠠᠢ ᠶᠤᠸᠠᠢ ᠸᠧᠢ | ᠰᠡᠭᠦᠳᠡᠷᠯᠡᠪᠡ | ᠵᠢᠶᠠᠩᠰᠤ ᠶᠢᠨ ᠲᠥᠯᠥᠭᠡᠯᠡᠭᠴᠢᠳ ᠤᠨ | ᠪᠦᠯᠭᠦᠮ ᠨᠠᠷᠢᠨ ᠬᠢᠨᠠᠮᠠᠭᠠᠢ ᠬᠢᠨᠠᠨ | ᠵᠥᠪᠯᠡᠵᠦ᠂ ᠭᠦᠷ ᠬᠥᠭᠵᠢᠶᠡᠨ ᠢᠶᠠᠷ ᠪᠢᠯᠬᠠᠵᠤ | ᠪᠠᠶᠢᠯ᠎ᠠ᠃ ᠼᠦᠢ ᠲᠢᠶᠧ ᠵᠢᠶᠦ᠋ᠨ᠂ ᠭᠤᠤ ᠵᠢᠢ | ᠹᠠᠨ᠂ ᠰᠥᠩ ᠶᠠᠨ᠂ ᠦ᠋ ᠬᠤᠶ ᠹᠠᠩ᠂ ᠦ᠋ ᠰᠢᠨ ᠮᠢᠩ᠂ | ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ | ᠲᠣᠰ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠨ ᠬᠦᠴᠦᠷᠬᠡᠭᠵᠢᠬᠦ ᠶᠢ | ᠪᠡᠶᠡᠯᠡᠭᠦᠯᠬᠦ᠂ ᠳᠤᠮᠳᠠᠳᠤ ᠤᠯᠤᠰ ᠤᠨ | ᠭᠡᠷᠡᠯᠴᠢ ᠴᠡᠨᠡᠭ ᠤᠨ ᠠᠵᠢᠯ ᠲᠥᠷᠥᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ | ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠬᠤ ᠶᠢ ᠴᠢᠩᠭᠠᠳᠬᠠᠬᠤ᠂ | ᠬᠠᠮᠲᠤ ᠪᠠᠷ ᠪᠠᠶᠠᠵᠢᠭᠰᠠᠨ ᠵᠣᠯ ᠵᠢᠷᠭᠠᠯᠲᠤ | ᠲᠣᠰᠬᠤᠨ ᠢ ᠪᠠᠶᠢᠭᠤᠯᠬᠤ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠳᠤ ᠦᠢᠯᠡᠴᠢᠯᠡᠬᠦ᠂ ᠤᠷᠠᠨ | ᠳᠠᠷᠬᠠᠨ ᠤ ᠵᠣᠷᠢᠭ ᠰᠠᠨᠠᠭ᠎ᠠ ᠶᠢ | ᠪᠠᠳᠠᠷᠠᠭᠤᠯᠬᠤ ᠵᠡᠷᠭᠡ ᠠᠰᠠᠭᠤᠳᠠᠯ ᠤᠨ ᠲᠤᠬᠠᠢ | ᠦᠭᠡ ᠬᠡᠯᠡᠪᠡ᠃ ᠰᠢ ᠶᠢᠨ ᠫᠢᠩ ᠪᠠᠶᠢᠨ ᠳᠠᠭᠢᠨ | ᠳᠤᠮᠳᠠ ᠨᠢ ᠦᠭᠡ ᠬᠡᠯᠡᠵᠦ᠂ ᠤᠯᠠᠨ ᠲᠠᠢ | ᠶᠠᠷᠢᠯᠴᠠᠵᠤ ᠰᠣᠯᠢᠯᠴᠠᠪᠠ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ | ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ | ᠬᠡᠯᠡᠪᠡ᠃ ᠲᠡᠷᠡ ᠡᠩ ᠲᠡᠷᠢᠭᠦᠨ ᠳᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ | ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ | ᠵᠢᠶᠠᠩᠰᠤ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠣᠯᠣᠭᠰᠠᠨ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠶᠢ ᠭᠦᠢᠴᠡᠳ | ᠨᠤᠲᠠᠯᠠᠵᠤ᠂ ᠵᠢᠶᠠᠩᠰᠤ ᠶᠢᠨ ᠬᠢᠨ ᠢᠲᠡᠭᠡᠯ | ᠵᠣᠷᠢᠭ ᠢᠶᠠᠨ ᠪᠠᠲᠤᠳᠬᠠᠵᠤ᠂ ᠡᠷᠴᠢ | ᠵᠣᠷᠢᠭ ᠢᠶᠠᠨ ᠬᠥᠪᠴᠢᠯᠡᠵᠦ᠂ ᠴᠢᠬᠤᠯᠠ | ᠡᠭᠦᠷᠭᠡ ᠶᠢ ᠵᠣᠷᠢᠭᠲᠠᠢ ᠡᠭᠦᠷᠭᠡᠯᠡᠵᠦ᠂ ᠪᠦᠭᠦ | ᠤᠯᠤᠰ ᠤᠨ ᠶᠡᠭᠡ ᠲᠠᠯ᠎ᠠ ᠳᠤ ᠨᠡᠩ ᠶᠡᠭᠡ ᠬᠤᠪᠢ | ᠨᠡᠮᠡᠷᠢ ᠦᠵᠡᠭᠦᠯᠭᠦ ᠶᠢ ᠬᠦᠰᠡᠪᠡ᠃ | ᠰᠢ ᠶᠢᠨ ᠫᠢᠩ᠂ ᠵᠢᠶᠠᠩᠰᠤ ᠶᠢᠨ ᠬᠢᠨ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ | ᠪᠠ ᠴᠢᠳᠠᠪᠤᠷᠢ ᠲᠠᠢ ᠶᠤᠮ᠃ ᠲᠡᠷᠢᠭᠦᠨ ᠤ | ᠦᠢᠯᠡᠳᠬᠦ ᠦᠢᠯᠡᠰ ᠢᠶᠠᠷ ᠭᠤᠣᠯ ᠪᠤᠯᠭᠠᠬᠰᠠᠨ | ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠡᠨᠡ ᠬᠦ | ᠭᠤᠣᠯᠳᠠᠯᠭ᠎ᠠ ᠶᠢ ᠲᠣᠪᠤᠶᠢᠯᠭᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠵᠢᠯᠣᠭᠤᠳᠤᠮᠵᠢ | ᠪᠤᠯᠭᠠᠵᠤ᠂ ᠤᠯᠠᠮᠵᠢᠯᠠᠯᠲᠤ ᠠᠵᠤ ᠦᠢᠯᠡᠰ ᠢ ᠲᠡᠰ | ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠪᠤᠵᠠᠭᠠᠶᠢᠷᠠᠭᠤᠯᠬᠤ᠂ | ᠢᠷᠡᠭᠡᠳᠦᠢ ᠶᠢᠨ ᠠᠵᠤ ᠦᠢᠯᠡᠰ ᠢ | ᠪᠣᠶᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠰᠢᠨ᠎ᠡ ᠶᠢ | ᠡᠭᠦᠳᠬᠦ ᠶᠢᠨ ᠭᠦᠨᠵᠡᠭᠡᠢ ᠠᠭᠤᠰᠤᠯᠴᠠᠯ ᠢ | ᠴᠢᠩᠭᠠᠳᠬᠠᠨ᠂ ᠤᠯᠠᠮᠵᠢᠯᠠᠯᠲᠤ ᠠᠵᠤ ᠦᠢᠯᠡᠰ ᠤᠨ | ᠲᠡᠷᠢᠭᠦᠨ ᠤ ᠪᠠᠶᠢᠷᠢ ᠰᠠᠭᠤᠷᠢ ᠶᠢ | ᠪᠠᠬᠢᠵᠢᠭᠦᠯᠵᠦ᠂ ᠳᠡᠯᠡᠬᠡᠢ ᠳᠡᠭᠡᠷ᠎ᠡ | ᠥᠷᠢᠰᠦᠯᠳᠦᠬᠦ ᠬᠦᠴᠦᠨ ᠲᠠᠢ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ | ᠲᠦᠷᠭᠡᠳᠬᠡᠨ ᠪᠠᠶᠢᠭᠤᠯᠵᠤ᠂ ᠵᠢᠶᠠᠩᠰᠤ ᠶᠢ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠴᠢᠬᠤᠯᠠ | ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | | ᠰᠢ ᠶᠢᠨ ᠫᠢᠩ᠂ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ | ᠶᠡᠭᠡ ᠠᠷᠭ᠎ᠠ ᠬᠡᠮᠵᠢᠶ᠎ᠡ ᠶᠢ | ᠲᠥᠯᠥᠪᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠦᠷᠭᠦᠯᠵᠢᠯᠡᠨ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ | ᠲᠣᠭᠤᠷᠢᠨ ᠳᠤ᠂ ᠥᠮᠴᠢᠯᠡᠯ ᠤᠨ ᠡᠷᠬᠡ ᠶᠢ | ᠬᠠᠮᠠᠭᠠᠯᠠᠬᠤ᠂ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ᠂ ᠡᠷᠬᠡ | ᠲᠡᠭᠰᠢ ᠪᠠᠷ ᠥᠷᠢᠰᠦᠯᠳᠦᠬᠦ᠂ ᠨᠡᠶᠢᠭᠡᠮ ᠤᠨ | ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ | ᠠᠬᠤᠢ ᠶᠢᠨ ᠰᠠᠭᠤᠷᠢ ᠳᠦᠷᠢᠮ ᠢ ᠲᠦᠷᠭᠡᠳᠬᠡᠨ | ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ | ᠡᠷᠡᠰ ᠭᠤᠶᠢᠪᠢᠰᠢ ᠦᠭᠡᠢ ᠪᠠᠶᠢᠬᠤ︾ | ᠪᠠᠶᠢᠭᠤᠯᠤᠮᠵᠢ ᠲᠣᠭᠲᠠᠴᠠ ᠶᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ | ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ | ᠲᠡᠮᠵᠢᠵᠤ᠂ ᠡᠯ᠎ᠡ ᠲᠦᠷᠦᠯ ᠤᠨ | ᠡᠵᠡᠩᠨᠡᠯᠲᠡ ᠶᠢᠨ ᠭᠤᠣᠯ ᠴᠣᠭᠴᠠ ᠶᠢᠨ | ᠳᠣᠲᠣᠭᠠᠳᠤ ᠬᠥᠳᠡᠯᠭᠡᠬᠦ ᠬᠦᠴᠦᠨ ᠪᠣᠯᠣᠨ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠬᠡᠷᠡᠭᠲᠡᠢ᠃ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ | ᠪᠠᠶᠢᠭᠤᠯᠤᠮᠵᠢ᠂ ᠰᠤᠷᠭᠠᠨ ᠬᠥᠮᠦᠵᠢᠯ ᠤᠨ | ᠪᠠᠶᠢᠭᠤᠯᠤᠮᠵᠢ᠂ ᠴᠢᠳᠠᠪᠤᠷᠢᠲᠠᠨ ᠤ | ᠪᠠᠶᠢᠭᠤᠯᠤᠮᠵᠢ ᠵᠡᠷᠭᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠤ ᠬᠥᠭᠵᠢᠯᠲᠡ ᠶᠢ ᠬᠦᠯᠢᠶᠡᠰᠦᠯᠡᠵᠦ | ᠪᠠᠶᠢᠭ᠎ᠠ ᠲᠦᠭᠵᠢᠷᠡᠯ ᠪᠠ ᠬᠤᠷᠢᠭ᠎ᠠ ᠶᠢ | ᠨᠡᠪᠲᠡᠷᠡᠭᠦᠯᠬᠦ ᠬᠡᠷᠡᠭᠲᠡᠢ᠃ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠤ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠦᠷᠭᠦᠯᠵᠢᠯᠡᠨ ᠪᠠᠶᠢᠭᠤᠯᠵᠤ᠂ ᠨᠠᠩ ᠥᠨᠳᠥᠷ | ᠲᠦᠪᠰᠢᠨ ᠪᠦᠬᠦᠢ ᠨᠡᠭᠡᠭᠡᠯᠲᠡᠲᠤ | ᠭᠡᠯᠪᠡᠷᠢ ᠶᠢᠨ ᠠᠵᠤ ᠠᠬᠤᠢ ᠶᠢᠨ ᠰᠢᠨ᠎ᠡ | ᠳᠠᠪᠠᠭᠤᠯᠢᠭ ᠢ ᠪᠤᠶ ᠪᠤᠯᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠪᠢᠳᠡ ᠠᠯᠢ ᠤᠯᠠᠨ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ | ᠵᠡᠷᠭᠡ ᠶᠢ ᠬᠡᠷᠡᠭᠵᠢᠭᠦᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠴᠢᠬᠤᠯᠠ | ᠲᠤᠯᠭᠠᠭᠤᠷᠢᠯᠠᠬᠤ ᠦᠢᠯᠡᠳᠦᠯ ᠦᠵᠡᠭᠦᠯᠪᠡ᠃ | ᠵᠢᠶᠠᠩᠰᠤ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ ᠪᠣᠯᠣᠨ | ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠨᠢᠭᠡ ᠴᠣᠭᠴᠠᠵᠢᠭᠰᠠᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠳᠤ ᠪᠦᠭᠦ | ᠲᠠᠯ᠎ᠠ ᠪᠠᠷ ᠠᠭᠤᠰᠤᠯᠴᠠᠨ ᠦᠢᠯᠡᠴᠢᠯᠡᠵᠦ᠂ | ᠪᠤᠰᠤᠳ ᠣᠷᠣᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠣᠯᠣᠨ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠪᠠᠨ | ᠴᠢᠩᠭᠠᠳᠬᠠᠵᠤ᠂ ᠨᠡᠩ ᠶᠡᠭᠡ ᠬᠡᠪᠴᠢᠶᠡᠨ ᠳᠤ | ᠰᠢᠨ᠎ᠡ ᠶᠢ ᠡᠭᠦᠳᠬᠦ ᠬᠡᠯᠬᠢᠶ᠎ᠡ᠂ ᠠᠵᠤ | ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ | ᠬᠡᠯᠬᠢᠶ᠎ᠡ ᠶᠢ ᠬᠤᠯᠪᠤᠭᠠᠯᠠᠨ ᠪᠠᠶᠢᠭᠤᠯᠵᠤ᠂ | ᠣᠷᠣᠨ ᠪᠦᠰᠡ ᠴᠢᠨᠠᠭᠰᠢᠯᠠᠪᠠᠯ ᠪᠦᠭᠦ ᠤᠯᠤᠰ ᠤᠨ | ᠬᠥᠭᠵᠢᠯᠲᠡ ᠳᠤ ᠦᠵᠡᠭᠦᠯᠭᠦ ᠠᠵᠤ ᠠᠬᠤᠢ ᠶᠢᠨ | ᠲᠣᠮᠣ ᠮᠤᠵᠢ ᠶᠢᠨ ᠨᠥᠯᠥᠭᠡᠯᠡᠨ ᠳᠠᠶᠢᠴᠢᠯᠠᠬᠤ | ᠬᠦᠴᠦᠨ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠤ ᠠᠬᠤᠢ ᠶᠢᠨ ᠰᠡᠷᠭᠦᠨ | ᠰᠠᠶᠢᠵᠢᠷᠠᠬᠤ ᠬᠠᠨᠳᠤᠰᠢ ᠶᠢ ᠦᠷᠭᠦᠯᠵᠢᠯᠡᠨ | ᠪᠠᠬᠢᠵᠢᠭᠦᠯᠦᠨ ᠴᠢᠩᠭᠠᠳᠬᠠᠵᠤ᠂ ᠪᠦᠭᠦ | ᠨᠡᠶᠢᠭᠡᠮ ᠤᠨ ᠬᠥᠭᠵᠢᠯᠲᠡ ᠶᠢᠨ ᠢᠲᠡᠭᠡᠯ | ᠵᠣᠷᠢᠭ ᠢ ᠬᠥᠪᠴᠢᠯᠡᠬᠦ ᠳᠤ᠂ ᠨᠠᠮ ᠤᠨ | ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ | ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ | ᠪᠣᠳᠠᠲᠠᠢ ᠠᠵᠢᠯᠯᠠᠬᠤ ᠬᠡᠷᠡᠭᠲᠡᠢ᠃ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠤᠷᠳᠤ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ | ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠡᠷᠡᠰ ᠵᠠᠯᠠᠷᠠᠭᠤᠯᠵᠤ᠂ ᠦᠨᠳᠦᠰᠦᠨ | ᠱᠠᠲᠤᠨ ᠤ ᠳᠠᠷᠤᠭᠠᠰᠤ ᠶᠢ ᠦᠨᠡᠨ ᠬᠦ | ᠬᠥᠩᠭᠡᠷᠡᠭᠦᠯᠵᠦ᠂ ᠪᠦᠭᠦ ᠨᠠᠮ ᠪᠦᠭᠦ | ᠨᠡᠶᠢᠭᠡᠮ ᠤᠨ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠵᠦ᠂ | ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ | ᠦᠢᠯᠡᠰ ᠪᠣᠰᠬᠠᠬᠤ ᠤᠷᠮ᠎ᠠ ᠵᠣᠷᠢᠭ ᠢ | ᠬᠥᠭᠵᠢᠭᠡᠬᠦ ᠬᠡᠷᠡᠭᠲᠡᠢ᠃ ᠠᠷᠠᠳ ᠲᠦᠮᠡᠨ ᠢᠶᠠᠷ | ᠭᠤᠣᠯ ᠪᠤᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ | ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠵᠦ᠂ | ᠥᠷᠭᠡᠨ ᠣᠯᠠᠨ ᠲᠦᠮᠡᠨ ᠤ ᠥᠪᠡᠷ ᠤᠨ ᠬᠤᠶᠠᠷ | ᠭᠠᠷ ᠢᠶᠠᠷ ᠢᠶᠠᠨ ᠵᠣᠯ ᠵᠢᠷᠭᠠᠯᠲᠤ | ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ | ᠵᠢᠯᠤᠭᠤᠳᠴᠤ ᠵᠣᠷᠢᠭᠵᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ | ᠠᠶᠤᠯᠭᠦᠢ ᠦᠢᠯᠡᠳᠪᠦᠷᠢᠯᠡᠯ ᠢ ᠰᠠᠶᠢᠲᠤᠷ | ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ | ᠵᠢᠭᠰᠠᠭᠠᠨ ᠪᠠᠶᠢᠴᠠᠭᠠᠬᠤ ᠠᠵᠢᠯ ᠢ | ᠴᠢᠨᠠᠭᠰᠢᠳᠠ ᠰᠠᠶᠢᠲᠤᠷ ᠬᠢᠵᠦ᠂ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠪᠠᠨ | ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ | ᠨᠠᠰᠤ ᠪᠠ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠨᠠᠮ ᠤᠨ ᠲᠥᠪ ᠬᠤᠷᠢᠶ᠎ᠠ ᠶᠢᠨ | ᠠᠯᠪᠠᠨ ᠲᠢᠩᠬᠢᠮ ᠤᠨ ᠡᠷᠭᠢᠯᠡᠭᠴᠢ ᠼᠠᠢ ᠴᠢ | ᠣᠷᠣᠯᠴᠠᠪᠠ᠃ | ᠮᠦ ᠬᠤᠩ᠂ ᠵᠢᠶᠠᠩ ᠰᠢᠨ ᡁᠢ ᠨᠠᠷ ᠣᠷᠣᠯᠴᠠᠪᠠ᠃ | |