ᠪᠠᠭ᠎ᠠ ᠨᠡᠭᠦᠴᠡ ᠪᠠᠯᠭᠠᠰᠤ᠄ ᠠᠵᠢᠯ ᠰᠡᠷᠭᠦᠭᠡᠬᠦ ︽ᠴᠤᠭᠯᠠᠷᠠᠯ ᠤᠨ ᠪᠦᠷᠢᠶ᠎ᠡ︾ ᠶᠢ ᠬᠠᠩᠭᠢᠨᠠᠭᠤᠯᠤᠨ ︽ᠡᠬᠢᠯᠡᠯᠲᠡ ᠶᠢᠨ ᠠᠮᠵᠢᠯᠲᠠ︾ ᠶᠢ ᠪᠥᠬᠦ ᠬᠦᠴᠦᠨ ᠢᠶᠠᠷ ᠢᠶᠠᠨ ᠰᠢᠪᠲᠤᠯᠤᠨ᠎ᠠ︕
ᠨᠡᠶᠢᠲᠡᠯᠡᠭᠰᠡᠨ ᠴᠠᠭ᠄
2024/3/12
ᠪᠠᠭ᠎ᠠ ᠨᠡᠭᠦᠴᠡ ᠪᠠᠯᠭᠠᠰᠤ᠄ ᠠᠵᠢᠯ ᠰᠡᠷᠭᠦᠭᠡᠬᠦ ︽ᠴᠤᠭᠯᠠᠷᠠᠯ ᠤᠨ ᠪᠦᠷᠢᠶ᠎ᠡ︾ ᠶᠢ ᠬᠠᠩᠭᠢᠨᠠᠭᠤᠯᠤᠨ ︽ᠡᠬᠢᠯᠡᠯᠲᠡ ᠶᠢᠨ ᠠᠮᠵᠢᠯᠲᠠ︾ ᠶᠢ ᠪᠥᠬᠦ ᠬᠦᠴᠦᠨ ᠢᠶᠠᠷ ᠢᠶᠠᠨ ᠰᠢᠪᠲᠤᠯᠤᠨ᠎ᠠ︕  ᠥᠪᠥᠷ ᠮᠣᠩᠭᠤᠯ ᠤᠨ ᠮᠧᠩ ᠮᠠ ᠪᠠᠨᠰᠠ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠪᠤᠢ ᠪᠦᠬᠦᠢ ᠦᠢᠯᠡᠳᠪᠦᠷᠢᠯᠡᠯ ᠤᠨ ᠱᠤᠭᠤᠮ ᠴᠥᠮ ᠪᠦᠬᠦ ᠬᠤᠷᠳᠤᠴᠠ ᠪᠠᠷ ᠠᠵᠢᠯᠯᠠᠵᠤ᠂ ᠠᠵᠢᠯᠴᠢᠳ ᠠᠵᠢᠯᠯᠠᠬᠤ ᠶᠠᠪᠤᠴᠠ ᠶᠢ ᠴᠢᠩᠭ᠎ᠠ ᠵᠢᠷᠤᠮᠯᠠᠨ ᠨᠠᠷᠢᠨ ᠬᠢᠨᠠᠮᠠᠭᠠᠢ ᠠᠵᠢᠯᠯᠠᠵᠤ᠂ ᠬᠤᠭᠤᠷᠣᠨᠳᠣ ᠪᠠᠨ ᠨᠢᠭᠲᠠ ᠬᠠᠮᠵᠢᠯᠴᠠᠵᠤ᠂ ᠡᠮᠬᠢ ᠳᠢᠭᠯᠢᠮ ᠲᠠᠢ ᠵᠣᠯᠭᠠᠯᠴᠠᠵᠤ᠂ ᠭᠠᠵᠠᠷ ᠪᠣᠯᠭᠠᠨ ᠳᠤ ᠶᠠᠭᠠᠷᠠᠯᠲᠠᠢ ᠪᠠᠶᠢᠳᠠᠯ ᠢᠯᠡᠷᠡᠵᠦ᠂ ᠬᠠᠪᠤᠷ ᠤᠨ ᠡᠬᠢᠯᠡᠯᠲᠡ ᠶᠢᠨ ︽ᠠᠩᠬᠠᠨ ᠤ ᠰᠢᠳᠠᠮ︾ ᠢ ᠰᠠᠶᠢᠲᠤᠷ ᠭᠦᠶᠦᠬᠦ ᠪᠠᠷ ᠪᠡᠯᠡᠳᠬᠡᠪᠡ᠃  ︽ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠥᠩᠭᠡᠷᠡᠭᠰᠡᠨ ᠤ ᠳᠠᠷᠠᠭ᠎ᠠ ᠪᠢᠳᠡ ᠬᠠᠮᠤᠭ ᠤᠨ ᠲᠡᠷᠢᠭᠦᠨ ᠳᠤ ᠠᠵᠢᠯᠲᠠᠳ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠤᠨᠢ ᠪᠤᠴᠠᠭᠠᠬᠤ ᠪᠠᠶᠢᠴᠠᠭᠠᠯᠲᠠ ᠬᠢᠯᠭᠡᠵᠦ᠂ ᠠᠶᠤᠯᠭᠦᠶ ᠶᠢᠨ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠦᠨ᠂ ᠠᠶᠤᠯᠭᠦᠶ ᠦᠢᠯᠡᠳᠪᠦᠷᠢᠯᠡᠯ ᠤᠨ ᠳᠠᠯᠳᠠ ᠭᠡᠮ ᠢ ᠠᠷᠢᠯᠭᠠᠵᠤ᠂ ᠴᠤᠪᠤᠷᠠᠯ ᠱᠤᠭᠤᠮ ᠤᠨ ᠲᠥᠬᠦᠭᠡᠷᠦᠮᠵᠢ ᠶᠢ ᠬᠠᠮᠤᠭ ᠤᠨ ᠰᠠᠶᠢᠨ ᠪᠠᠶᠢᠳᠠᠯ ᠳᠤ ᠬᠦᠷᠲᠡᠯ᠎ᠡ ᠪᠠᠶᠢᠴᠠᠭᠠᠨ ᠵᠠᠰᠠᠵᠤ᠂ ᠠᠶᠤᠯᠭᠦᠶ ᠦᠢᠯᠡᠳᠪᠦᠷᠢᠯᠡᠯ ᠢᠶᠠᠨ ᠰᠡᠷᠭᠦᠭᠡᠬᠦ ᠶᠢ ᠦᠨᠡᠨᠬᠦ ᠪᠠᠲᠤᠯᠠᠨ᠎ᠠ᠃ ᠣᠳᠣᠬᠠᠨ ᠳᠤ ᠺᠣᠮᠫᠠᠨᠢ ᠶᠢᠨ ᠵᠠᠬᠢᠶᠠᠯᠠᠭ᠎ᠠ ᠶᠢᠨ ᠬᠠᠭᠤᠳᠠᠰᠤ ᠲᠠᠰᠤᠷᠠᠯ ᠦᠭᠡᠶ ᠦᠷᠭᠦᠯᠵᠢᠯᠡᠵᠦ᠂ ᠣᠯᠠᠨ ᠢᠶᠠᠷ ᠢᠶᠠᠨ ᠴᠥᠮ ᠡᠷᠴᠢ ᠵᠣᠷᠢᠭ ᠢᠶᠠᠨ ᠬᠥᠪᠴᠢᠯᠡᠨ᠂ ᠦᠢᠯᠡᠳᠪᠦᠷᠢᠯᠡᠯ ᠢᠶᠠᠨ ᠲᠦᠷᠭᠡᠳᠬᠡᠵᠦ᠂ ᠡᠨᠡ ᠵᠢᠯ ᠤᠨ ᠦᠢᠯᠡᠳᠪᠦᠷᠢᠯᠡᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ︾᠃ ᠭᠡᠵᠦ ᠥᠪᠥᠷ ᠮᠣᠩᠭᠤᠯ ᠤᠨ ᠮᠧᠩ ᠮᠠ ᠪᠠᠨᠰᠠ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠰᠢᠶᠠᠨ ᠵᠢᠶᠦ᠋ᠨ ᠬᠡᠯᠡᠪᠡ᠃  ᠥᠪᠥᠷ ᠮᠣᠩᠭᠤᠯ ᠤᠨ ᠯᠢᠶᠠᠨ ᠱᠧᠩ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠲᠡᠵᠢᠭᠡᠯ ᠪᠣᠷᠳᠣᠭᠠᠨ ᠤ ᠦᠢᠯᠡᠳᠪᠦᠷᠢ ᠳᠤ ᠡᠷᠳᠡᠨᠢ ᠰᠢᠰᠢ ᠵᠥᠭᠡᠭᠡᠪᠦᠷᠢᠯᠡᠵᠦ ᠪᠠᠶᠢᠭ᠎ᠠ ᠲᠡᠷᠭᠡ ᠬᠥᠰᠬᠡ ᠲᠠᠰᠤᠷᠠᠯᠲᠠ ᠥᠬᠡᠶ ᠪᠠᠶᠢᠵᠤ᠂ ᠠᠵᠢᠯᠴᠢᠳ ᠲᠡᠵᠢᠭᠡᠯ ᠪᠣᠷᠳᠤᠭ᠎ᠠ ᠶᠢ ᠤᠭᠤᠲᠠᠨ ᠳᠤ ᠡᠮᠬᠢ ᠵᠢᠷᠤᠮ ᠲᠠᠢ ᠪᠠᠷ ᠰᠠᠪᠠᠯᠠᠵᠤ᠂ ᠬᠥᠮᠥᠷᠭᠡ ᠳᠤ ᠬᠦᠷᠭᠡᠵᠦ ᠪᠠᠷᠠᠭ᠎ᠠ ᠶᠠᠪᠤᠭᠤᠯᠬᠤ ᠶᠢ ᠬᠦᠯᠢᠶᠡᠵᠦ ᠪᠠᠶᠢᠨ᠎ᠠ᠃  ︽ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠪᠢᠳᠡ ᠨᠢᠭᠡᠨᠲᠡ ᠲᠣᠭᠲᠠᠭᠠᠭᠰᠠᠨ ᠦᠢᠯᠡᠳᠪᠦᠷᠢᠯᠡᠯ ᠤᠨ ᠲᠥᠯᠥᠪᠯᠡᠭᠡ ᠶᠣᠰᠣᠭᠠᠷ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠣᠳᠣᠬᠠᠨ ᠳᠤ ᠲᠡᠵᠢᠭᠡᠯ ᠪᠣᠷᠳᠤᠭ᠎ᠠ ᠶᠢ ᠭᠦᠢᠴᠡᠳ ᠨᠥᠭᠡᠴᠡᠯᠡᠵᠦ᠂ ᠲᠡᠵᠢᠭᠡᠨ ᠦᠷᠡᠵᠢᠭᠦᠯᠬᠦ ᠦᠢᠯᠡᠴᠢᠯᠡᠭᠡᠨ ᠤ ᠡᠷᠦᠬᠡ ᠶᠢᠨ ᠲᠡᠵᠢᠭᠡᠯ ᠪᠣᠷᠳᠤᠭ᠎ᠠ ᠶᠢᠨ ᠬᠡᠷᠡᠭᠴᠡᠭᠡ ᠶᠢ ᠬᠠᠩᠭᠠᠵᠤ ᠴᠢᠳᠠᠬᠤ ᠪᠣᠯᠵᠠᠶ︾᠃ ᠭᠡᠵᠦ ᠯᠢᠶᠠᠨ ᠱᠧᠩ ᠲᠡᠵᠢᠭᠡᠯ ᠪᠣᠷᠳᠣᠭᠠᠨ ᠤ ᠦᠢᠯᠡᠳᠪᠦᠷᠢ ᠶᠢᠨ ᠵᠤᠤ ᠳᠠᠭᠠᠭᠠᠮᠠᠯ ᠬᠡᠯᠡᠪᠡ᠃  ︽ᠨᠤᠭᠤᠰᠤᠨ ᠤ ᠴᠢᠬᠢ ᠶᠢᠨ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠮᠠᠨ ᠤ ᠨᠡᠪᠴᠢᠭᠦᠯᠬᠦ ᠦᠢᠯᠡᠳᠪᠦᠷᠢ ᠶᠢᠨ ᠲᠠᠰᠤᠭ ᠢᠮᠠᠭᠲᠠ ᠬᠡᠪ ᠤᠨ ᠦᠢᠯᠡᠳᠪᠦᠷᠢᠯᠡᠯ ᠤᠨ ᠪᠠᠶᠢᠳᠠᠯ ᠢᠶᠠᠨ ᠪᠠᠲᠤᠯᠠᠵᠤ᠂ ᠴᠠᠭᠠᠨ ᠰᠠᠷ᠎ᠠ ᠠᠴᠠ ᠨᠠᠰᠢ᠂ 200 ᠲᠦᠮᠡᠨ ᠨᠤᠭᠤᠰᠤᠨ ᠤ ᠴᠢᠬᠢ ᠶᠢ ᠨᠡᠪᠴᠢᠭᠦᠯᠵᠦ᠂ ᠪᠦᠬᠦ ᠬᠤᠰᠢᠭᠤᠨ ᠤ ᠡᠯ᠎ᠡ ᠮᠢᠬᠠᠨᠨᠤᠭᠤᠰᠤ ᠲᠡᠵᠢᠭᠡᠨ ᠦᠷᠡᠵᠢᠭᠦᠯᠬᠦ ᠰᠠᠭᠤᠷᠢᠨ ᠳᠤ ᠬᠦᠷᠭᠡᠵᠡᠢ︾ ᠭᠡᠵᠦ ᠥᠪᠥᠷ ᠮᠣᠩᠭᠤᠯ ᠤᠨ ᠵᠢᠨᠳᠦ᠋ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠯᠢᠶᠠᠨ ᠵᠢᠶᠦ᠋ᠨ ᠲᠠᠨᠢᠯᠴᠠᠭᠤᠯᠪᠠ᠃  ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠦᠷᠢᠶ᠎ᠡ ᠶᠢ ᠪᠦᠬᠦ ᠲᠠᠯ᠎ᠠ ᠪᠠᠷ ᠬᠠᠩᠭᠢᠨᠠᠭᠤᠯᠵᠤ᠂ ᠪᠠᠭ᠎ᠠ ᠨᠡᠭᠦᠴᠡ ᠪᠠᠯᠭᠠᠰᠤ ᠶᠢᠨ ᠬᠢᠨ ᠡᠷᠴᠢ ᠵᠣᠷᠢᠭ ᠢᠶᠠᠨ ᠬᠥᠪᠴᠢᠯᠡᠵᠦ ᠂ ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠵᠤ᠂ ᠦᠢᠯᠡᠴᠢᠯᠡᠭᠡ ᠪᠠᠲᠤᠯᠠᠪᠤᠷᠢ ᠶᠢᠨ ᠠᠵᠢᠯ ᠢ ᠨᠠᠷᠢᠯᠢᠭ ᠪᠣᠳᠠᠲᠠᠢ ᠬᠢᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠡᠬᠢᠯᠡᠪᠡᠯ ᠳᠠᠷᠤᠢ ᠰᠢᠪᠲᠤᠯᠤᠯᠲᠠ ᠬᠢᠬᠦ︾ ᠡᠭᠦᠷᠭᠡᠲᠦ ᠰᠡᠳᠬᠢᠯᠭᠡ᠂ ︽ᠡᠬᠢᠯᠡᠪᠡᠯ ᠳᠠᠷᠤᠢ ᠰᠢᠪᠲᠤᠯᠤᠯᠲᠠ ᠬᠢᠬᠦ︾ ᠴᠤᠭ ᠵᠢᠪᠬᠤᠭ᠎ᠠ ᠪᠠᠷ ᠪᠣᠳᠠᠲᠠᠢ ᠪᠠᠷ ᠠᠵᠢᠯᠯᠠᠵᠤ᠂ ᠪᠦᠬᠦ ᠬᠦᠴᠦᠨ ᠢᠶᠠᠷ ᠢᠶᠠᠨ ᠬᠠᠷᠠᠴᠢᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号