ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 55 ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 55 ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ  3 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ 55 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠶᠤᠤ ᠫᠢᠩ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠡᠰᠢᠭᠦᠨ ᠭᠧ ᠴᠦᠨ ᠴᠧᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠵᠡᠷᠭᠡ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ ᠰᠤᠯᠠ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃  ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠳᠥᠷᠪᠡᠳᠦᠭᠡᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠠᠴᠠ ︿ᠬᠡᠯᠪᠡᠷᠢ ᠶᠢᠨ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠣᠯᠤᠨ ᠲᠥᠪ ᠤᠨ ᠲᠠᠯ᠎ᠠ ᠶᠢᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ᠂ ᠮᠠᠨ ᠤ ᠬᠤᠰᠢᠭᠤᠨ ᠤ ︽ᠵᠢᠷᠭᠤᠭᠠᠨ ᠢᠨᠵᠧᠨᠧᠷᠢᠩ︾ ᠤᠨ ᠲᠥᠰᠦᠯ ᠢ ᠲᠣᠭᠲᠠᠭᠠᠭᠰᠠᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ᠂  ᠶᠢᠨ ᠫᠢᠩ ᠶᠡᠭᠡ ᠬᠥᠭᠦᠷᠭᠡ ᠶᠢᠨ ᠥᠭᠡᠷᠡᠴᠢᠯᠡᠯᠲᠡ᠂ ᠾᠧ ᠮᠧᠶ ᠰᠢᠨ᠎ᠡ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠦ᠋ ᠴᠧᠩ ᠽᠢ ᠴᠡᠷᠢᠭ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠠᠴᠠ ᠪᠢᠶᠠᠨ ᠳ᠋ᠠᠨ ᠭᠧᠦ ᠬᠦᠷᠬᠦ ᠳᠠᠶᠢᠨ ᠤ ᠪᠡᠯᠡᠳᠬᠡᠯ ᠤᠨ ᠵᠠᠰᠠᠮᠠᠯ ᠵᠠᠮ ᠤᠨ ᠢᠨᠵᠧᠨᠧᠷᠢᠩ ᠪᠣᠯᠤᠨ ᠸᠠᠩ ᠶᠧ ᠹᠦ᠋ ᠪᠠᠯᠭᠠᠰᠤ ᠶᠢᠨ ᠲᠣᠭᠤᠷᠢᠭ ᠤᠨ ᠬᠤᠲᠠ ᠶᠢ ᠲᠣᠭᠤᠷᠢᠭᠰᠠᠨ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠬᠠᠷᠠᠴᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ︵ᠬᠢᠨᠠᠨ ᠵᠥᠪᠯᠡᠬᠦ ᠨᠣᠤᠷᠠᠭ︶︾ ᠪᠣᠯᠤᠨ ︽ᠬᠠᠷᠠᠴᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ︵ᠬᠢᠨᠠᠨ ᠵᠥᠪᠯᠡᠬᠦ ᠨᠣᠤᠷᠠᠭ︶︾ ᠢ ᠰᠤᠳᠤᠯᠤᠨ ᠬᠢᠨᠠᠨ ᠵᠦᠪᠯᠡᠪᠡ᠃  ᠬᠤᠷᠠᠯ ᠠᠴᠠ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠣᠯᠤᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠵᠦ᠂ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠵᠤ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠷᠴᠢᠮ ᠢ ᠴᠢᠩᠭᠠᠷᠠᠭᠤᠯᠵᠤ᠂ ᠪᠢᠴᠢᠭ ᠮᠠᠲ᠋ᠧᠷᠢᠶᠠᠯ ᠪᠠ ᠬᠤᠷᠠᠯ ᠡᠷᠬᠢᠯᠡᠬᠦ ᠶᠢ ᠴᠢᠩᠭ᠎ᠠ ᠬᠢᠵᠠᠭᠠᠷᠯᠠᠵᠤ᠂ ᠪᠠᠶᠢᠴᠠᠭᠠᠨ ᠰᠤᠳᠤᠯᠵᠤ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠰᠠᠶᠢᠨ ᠰᠠᠶᠢᠬᠠᠨ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ᠨᠠᠷᠢᠨ ᠲᠠᠩᠰᠠ ᠶᠢᠨ ᠬᠡᠯᠪᠡᠷᠢ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠲᠤᠰᠢᠶᠠᠬᠤ ᠪᠠ ᠬᠦᠯᠢᠶᠡᠨ ᠠᠪᠬᠤ ᠪᠠ ᠺᠠᠳ᠋ᠷ ᠠᠵᠢᠯᠳᠠᠨ ᠢ ᠬᠥᠮᠦᠵᠢᠭᠦᠯᠦᠨ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠵᠢᠨᠫᠢᠩ ᠶᠡᠭᠡ ᠬᠥᠭᠦᠷᠭᠡ ᠶᠢᠨ ᠥᠭᠡᠷᠡᠴᠢᠯᠡᠯᠲᠡ᠂ ᠾᠧ ᠮᠧᠢ ᠰᠢᠨ᠎ᠡ ᠲᠣᠭᠤᠷᠢᠭ ᠤᠨ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠦ᠋ ᠴᠧᠩ ᠽᠢ ᠶᠢᠨ ᠴᠡᠷᠢᠭ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠠᠴᠠ ᠪᠢᠶᠠᠨ ᠳ᠋ᠠᠨ ᠭᠸᠤ ᠬᠦᠷᠬᠦ ᠪᠠᠶᠢᠯᠳᠤᠭᠠᠨ ᠤ ᠪᠡᠯᠡᠳᠬᠡᠯ ᠤᠨ ᠵᠠᠰᠠᠮᠠᠯ ᠵᠠᠮ ᠤᠨ ᠢᠨᠵᠧᠨᠧᠷᠢᠩ ᠪᠣᠯᠤᠨ ᠸᠠᠩ ᠶᠧ ᠹᠦ᠋ ᠪᠠᠯᠭᠠᠰᠤ ᠶᠢᠨ ᠲᠣᠭᠤᠷᠢᠭ ᠤᠨ ᠬᠤᠳᠠ ᠶᠢ ᠲᠣᠭᠤᠷᠢᠭᠰᠠᠨ ᠵᠠᠰᠠᠮᠠᠯ ᠵᠠᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠲᠦᠷᠭᠡᠨ ᠲᠦᠷᠭᠡᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠨ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠨᠢᠭᠡᠪᠦᠷᠢ ᠶᠢ ᠤᠯᠠᠨ ᠲᠦᠮᠡᠨ ᠳᠤ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠣᠯᠭᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号