ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/3/13
  ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ  3 ᠰᠠᠷ᠎ᠠ ᠶᠢᠨ 6 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠱᠢ ᠳᠤ ᠨᠠᠷ ᠮᠠᠨ ᠤ ᠬᠤᠰᠢᠭᠤᠨ ᠳᠤ ᠢᠷᠡᠵᠦ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠳᠠᠭᠠᠭᠠᠴᠢᠯᠠᠯᠲᠠ ᠶᠢᠨ ᠬᠤᠯᠪᠣᠭ᠎ᠠ ᠶᠢᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ ᠯᠢ ᠶᠢᠩ ᠨᠠᠨ᠂ ᠬᠤᠰᠢᠭᠤᠨ ᠤ ᠲᠠᠰ ᠤᠨ ᠤᠳᠤᠷᠢᠳᠤᠯᠭ᠎ᠠ ᠵᠣᠣ ᠶᠠᠨ ᠬᠤᠩ᠂ ᠸᠠᠩ ᠴᠢᠦ ᠶᠧ ᠬᠤᠷᠠᠯ ᠳᠤ ᠣᠷᠣᠯᠴᠠᠵᠤ᠂ ᠬᠤᠲᠠ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃  ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠠᠳ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠣᠤ ᠶᠠᠨ ᠬᠤᠩ ᠤᠨ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠶᠠᠷᠢᠯᠴᠠᠨ ᠰᠣᠯᠢᠯᠴᠠᠪᠠ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤ ᠦᠵᠡᠬᠦ ᠪᠠᠷ᠂ ᠮᠠᠨ ᠤ ᠬᠤᠰᠢᠭᠤᠨ ᠤ ᠬᠢᠨ ︽ᠵᠢᠷᠭᠤᠭ᠎ᠠ ᠶᠢ ᠨᠢᠭᠡᠳᠦᠯᠲᠡᠶ ᠲᠥᠯᠥᠪᠵᠢᠭᠦᠯᠬᠦ︾ ᠪᠠ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠪᠠ ︽ᠶᠡᠭᠡ ᠠᠮᠢ ᠠᠬᠤᠶ︾ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠬᠤ ᠰᠡᠳᠬᠢᠴᠡ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠵᠡᠷᠭᠡ ᠠᠵᠢᠯ ᠢ ᠰᠤᠳᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠲᠠᠢ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠰᠢᠶᠠᠩ ᠪᠠᠯᠭᠠᠰᠤ ᠳᠠᠰᠢ ᠥᠷᠭᠡᠳᠬᠡᠵᠦ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠤ ᠣᠷᠣᠰᠢᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠴᠢᠨᠠᠷᠲᠠᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠩᠨᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠢᠨᠠᠯᠲᠠ ᠲᠠᠯᠪᠢᠬᠤ ᠲᠠᠪᠴᠠᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠢᠨᠠᠨ ᠪᠤᠳᠤᠬᠤ᠂ ᠲᠣᠭᠤᠷᠢᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃  ᠹᠠᠩ ᠷᠦᠢ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤ ᠲᠣᠰ ᠤᠳᠠᠭᠠᠨ ᠤ ᠰᠢᠪᠠᠳᠠᠨ ᠵᠢᠯᠣᠭᠤᠳᠴᠤ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ︽ᠵᠢᠷᠭᠤᠭ᠎ᠠ ᠶᠢ ᠨᠢᠭᠡᠳᠦᠯᠲᠡᠶ ᠲᠥᠯᠥᠪᠯᠡᠬᠦ︾ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠪᠠ ︽ᠶᠡᠭᠡ ᠠᠮᠢ ᠠᠬᠤᠶ︾ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ ᠭᠡᠵᠡᠶ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠬᠠᠷᠢᠭᠤᠴᠠᠯᠭ᠎ᠠ ᠪᠠᠨ ᠴᠢᠨᠠᠭᠰᠢᠳᠠ ᠪᠠᠲᠤᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠬᠢᠴᠠ ᠪᠠᠨ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃ ᠡᠭᠦᠨ ᠤ ᠬᠠᠮᠲᠤ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠪᠠᠶᠢᠴᠠᠭᠠᠯᠲᠠ ᠶᠢᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠦᠴᠦ ᠪᠡᠨ ᠨᠡᠮᠡᠷᠢᠯᠡᠨ᠎ᠡ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号