ᠱᠠᠩᠬᠠᠶ ᠶᠢᠨ ᠵᠢᠩ ᠢᠦᠶ ᠪᠦᠯᠦᠭᠯᠡᠯ ᠬᠠᠷᠠᠴᠢᠨ ᠬᠤᠰᠢᠭᠤᠨ ᠳᠤ ᠰᠢᠨᠵᠢᠯᠡᠨ ᠪᠠᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/3/14
ᠱᠠᠩᠬᠠᠶ ᠶᠢᠨ ᠵᠢᠩ ᠢᠦᠶ ᠪᠦᠯᠦᠭᠯᠡᠯ ᠬᠠᠷᠠᠴᠢᠨ ᠬᠤᠰᠢᠭᠤᠨ ᠳᠤ ᠰᠢᠨᠵᠢᠯᠡᠨ ᠪᠠᠢᠴᠠᠭᠠᠯᠲᠠ ᠬᠢᠪᠡ  3 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠱᠠᠩᠬᠠᠶ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠱᠠᠩᠬᠠᠶ ᠶᠢᠨ ᠵᠢᠩ ᠢᠦᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠱᠠᠩᠬᠠᠶ ᠬᠤᠲᠠ ᠶᠢᠨ ᠠᠨᠾᠦ᠋ᠢ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠬᠤᠩ ᠴᠢᠩ ᠬᠤᠸᠠ ᠮᠠᠨ ᠤ ᠬᠤᠰᠢᠭᠤᠨ ᠳᠤ ᠬᠦᠷᠴᠦ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃  ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠠ ᠠᠨ ᠱᠠᠨ ᠤ ᠤᠯᠤᠰ ᠤᠨ ᠤᠢ ᠰᠢᠭᠤᠶ ᠶᠢᠨ ᠴᠡᠴᠡᠷᠯᠢᠭ᠂ ᠶᠠ ᠲᠠᠢ ᠤᠢ ᠰᠢᠭᠤᠶ ᠶᠢᠨ ᠵᠢᠵᠢᠭ ᠪᠠᠯᠭᠠᠰᠤ᠂ ᠮᠧᠢ ᠯᠢᠨ ᠭᠦ᠋ ᠴᠠᠰᠤᠨ ᠳᠤ ᠭᠤᠯᠭᠤᠬᠤ ᠲᠠᠯᠠᠪᠠᠢ᠂ ᠰᠢᠶᠤᠤ ᠰᠢ ᠭᠧᠤ ᠮᠠᠢᠬᠠᠨ ᠤ ᠬᠡᠭᠡᠷ᠎ᠡ ᠪᠠᠭᠤᠳᠠᠯᠯᠠᠬᠤ ᠭᠠᠵᠠᠷ᠂ ︽ᠸᠠᠩ ᠤᠨ ᠣᠷᠳᠣᠨ ᠳᠤ ᠢᠷᠡᠵᠦ ᠰᠢᠨᠡᠯᠡᠬᠦ︾ ᠭᠤᠣᠯ ᠰᠡᠳᠦᠪᠲᠦ ᠳ᠋ᠧᠩᠯᠦ ᠶᠢᠨ ᠴᠤᠭᠯᠠᠭᠠᠨ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠮᠠᠨ ᠤ ᠬᠤᠰᠢᠭᠤᠨ ᠤ ᠰᠣᠶᠣᠯ ᠤᠨ ᠠᠭᠤᠯᠬᠤᠨ᠂ ᠣᠷᠣᠨ ᠪᠠᠶᠢᠷᠢ ᠣᠷᠴᠢᠨ ᠲᠣᠭᠤᠷᠢᠨ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠵᠡᠷᠭᠡ ᠲᠠᠯ᠎ᠠ ᠳᠤ ᠴᠢᠭᠯᠡᠭᠦᠯᠦᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠡᠶ᠃  ᠹᠠᠩ ᠷᠦᠢ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠮᠠᠨ ᠤ ᠬᠤᠰᠢᠭᠤᠨ ᠤ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠠᠮᠢ ᠠᠬᠤᠶ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢ ᠨᠠᠷᠢᠨ ᠲᠠᠨᠢᠯᠴᠠᠭᠤᠯᠵᠤ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠭᠤᠤᠯᠳᠠᠯᠭ᠎ᠠ ᠲᠠᠢ ᠲᠠᠨᠢᠯᠴᠠᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤ ᠣᠲᠣ ᠪᠣᠯᠲᠠᠯ᠎ᠠ ᠨᠢᠭᠡᠨᠲᠡ 390 ᠰᠢᠬᠠᠮ ᠵᠢᠯ ᠤᠨ ᠲᠡᠤᠬᠡ ᠲᠠᠢ ᠪᠣᠯᠵᠣ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 57.8% ᠬᠦᠷᠴᠦ᠂ ᠪᠠᠶᠢᠭᠠᠯᠢ ᠶᠢᠨ ᠥᠩᠭᠡ ᠦᠵᠡᠮᠵᠢ ᠰᠦᠷᠯᠢᠭ ᠰᠠᠶᠢᠬᠠᠨ᠂ ᠡᠬᠢ ᠪᠠᠶᠠᠯᠢᠭ ᠤᠨ ᠲᠥᠷᠥᠯᠬᠢ ᠠᠪᠢᠶᠠᠰ ᠨᠢ ᠨᠠᠩ ᠴᠤ ᠣᠯᠠᠨ ᠠᠴᠠ ᠣᠨᠴᠠᠭᠠᠶ ᠪᠠᠶᠢᠵᠤ᠂ ᠬᠢᠵᠠᠭᠠᠯᠠᠰᠢ ᠥᠬᠡᠶ ᠳᠠᠯᠳᠠ ᠬᠦᠴᠦᠨ ᠲᠠᠢ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠬᠠᠯᠠᠭᠤᠨ ᠬᠥᠷᠥᠰᠥ ᠪᠣᠯᠤᠭᠰᠠᠨ ᠪᠠᠶᠢᠨ᠎ᠠ᠃ ᠱᠠᠩᠬᠠᠶ ᠶᠢᠨ ᠵᠢᠩ ᠢᠦᠶ ᠪᠦᠯᠦᠭᠯᠡᠯ ᠤᠨ ᠬᠢᠨ ᠰᠣᠶᠣᠯ ᠤᠨ ᠵᠢᠭᠤᠯᠴᠢᠯᠠᠯ ᠤᠨ ᠠᠵᠢᠯ ᠲᠥᠷᠥᠯ ᠤᠨ ᠣᠯᠠᠨ ᠵᠢᠯ ᠤᠨ ᠲᠤᠷᠰᠢᠯᠭ᠎ᠠ ᠪᠠ ᠪᠥᠬᠦ ᠠᠵᠤ ᠦᠢᠯᠡᠰ ᠤᠨ ᠬᠡᠯᠬᠢᠶᠡᠨ ᠤ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠬᠠᠷᠠᠴᠢᠨ ᠬᠤᠰᠢᠭᠤᠨ ᠤ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠴᠢᠳᠠᠪᠤᠷᠢ ᠶᠢ ᠭᠦᠢᠴᠡᠳ ᠠᠭᠤᠳᠠᠯᠵᠤ᠂ ᠨᠠᠷᠠᠲᠤ ᠲᠡᠮᠳᠡᠭᠲᠦ ᠶᠢ ᠪᠣᠶ ᠪᠣᠯᠭᠠᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠪᠠᠯᠠ ᠣᠷᠣᠭᠤᠯᠤᠨ ᠡᠵᠡᠩᠨᠡᠬᠦ ᠵᠡᠷᠭᠡ ᠲᠠᠯ᠎ᠠ ᠪᠠᠷ ᠰᠠᠨᠠᠯ ᠢᠶᠠᠨ ᠨᠢᠭᠲᠠ ᠰᠣᠯᠢᠯᠴᠠᠵᠤ᠂ ᠭᠦᠨᠵᠡᠭᠡᠶ ᠬᠠᠮᠲᠤᠷᠠᠯᠴᠠᠬᠤ᠂ ᠬᠠᠮᠲᠤ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃  ᠬᠤᠩ ᠴᠢᠩ ᠬᠤᠸᠠ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠪᠡᠭᠡᠵᠢᠩ᠂ ᠴᠧᠩᠳᠧ ᠵᠡᠷᠭᠡ ᠭᠠᠵᠠᠷ ᠤᠨ ᠣᠶᠢᠷ᠎ᠠ ᠬᠠᠪᠢ ᠳᠤ ᠣᠷᠣᠨ ᠪᠠᠶᠢᠷᠢ ᠶᠢᠨ ᠢᠯᠡᠳᠲᠡ ᠳᠠᠪᠠᠭᠤᠯᠢᠭ ᠲᠠᠢ ᠪᠠᠶᠢᠵᠤ᠂ ᠵᠢᠭᠤᠯᠴᠢᠯᠠᠯ ᠤᠨ ᠬᠥᠭᠵᠢᠯᠲᠡ ᠶᠢᠨ ᠲᠠᠯ᠎ᠠ ᠪᠠᠷ ᠣᠶᠢᠯᠠᠭᠠᠭᠳᠠᠬᠤᠨ ᠢᠶᠠᠷ ᠤᠷᠢᠳᠴᠢᠯᠠᠭᠰᠠᠨ᠂ ᠰᠡᠳᠬᠢᠴᠡ ᠪᠠᠷ ᠲᠣᠳᠣᠷᠬᠠᠶ ᠪᠠᠶᠢᠵᠤ᠂ ᠢᠯᠠᠩᠭᠤᠶ᠎ᠠ ᠭᠤᠤᠯ ᠪᠣᠯᠬᠤ ᠦᠵᠡᠮᠵᠢ ᠶᠢᠨ ᠣᠷᠣᠨ ᠢᠶᠠᠷ ᠲᠤᠯᠭᠠᠭᠤᠷᠢᠯᠠᠯ ᠪᠣᠯᠭᠠᠭᠰᠠᠨ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠨᠥᠬᠦᠪᠥᠷᠢ ᠪᠣᠯᠭᠠᠭᠰᠠᠨ ︽ᠪᠥᠬᠦ ᠣᠷᠣᠨ ᠪᠦᠰᠡ ᠪᠠᠷ ᠢᠶᠠᠨ ᠥᠩᠭᠡ ᠦᠵᠡᠮᠵᠢ᠂ ᠳᠥᠷᠪᠡᠨ ᠤᠯᠠᠷᠢᠯ ᠳᠤ ᠴᠥᠮ ᠵᠤᠭᠠᠴᠠᠵᠤ ᠳᠡᠶᠢᠯᠬᠦ︾ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠵᠤ ᠂ ᠢᠷᠡᠭᠡᠳᠦᠶ ᠶᠢᠨ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ ᠭᠡᠵᠡᠶ᠃ ᠲᠣᠰ ᠤᠳᠠᠭᠠᠨ ᠤ ᠲᠡᠭᠦᠨ ᠲᠠᠢ ᠬᠠᠮᠲᠤᠷᠠᠨ ᠡᠷᠭᠢᠯᠡᠭᠰᠡᠨ 2024 ᠤᠨ ᠤ ᠤᠯᠠᠭᠠᠨᠬᠠᠳᠠ ᠬᠤᠲᠠ ᠶᠢᠨ ᠠᠩᠬᠠᠳᠤᠭᠠᠷ ᠬᠤᠭᠤᠴᠠᠭᠠᠨ ᠤ ︽ᠸᠠᠩ ᠤᠨ ᠣᠷᠳᠣᠨ ᠳᠤ ᠢᠷᠡᠵᠦ ᠰᠢᠨᠡᠯᠡᠬᠦ︾ ᠴᠠᠭᠠᠨ ᠰᠠᠷ᠎ᠠ ᠶᠢᠨ ᠭᠤᠤᠯ ᠰᠡᠳᠦᠪᠲᠦ ᠳ᠋ᠧᠩᠯᠦ ᠶᠢᠨ ᠴᠤᠭᠯᠠᠭᠠᠨ ᠢᠯᠡᠳᠲᠡ ᠦᠷ᠎ᠡ ᠪᠦᠲᠦᠮᠵᠢ ᠣᠯᠵᠤ᠂ ᠵᠤᠭᠠᠴᠠᠭᠰᠠᠳ ᠤᠨ ᠶᠡᠷᠦᠩᠬᠡᠶ ᠲᠤᠭ᠎ᠠ 30 ᠲᠦᠮᠡᠨ ᠬᠥᠮᠦᠨ ᠤᠳᠠᠭ᠎ᠠ ᠶᠢ ᠳᠠᠪᠠᠵᠤ᠂ ᠶᠡᠷᠦᠩᠬᠡᠶ ᠣᠷᠣᠯᠭ᠎ᠠ ᠨᠢ 1.2 ᠳ᠋ᠦᠩᠰᠢᠭᠤᠷ ᠲᠥᠭᠦᠷᠢᠭ ᠲᠤ ᠬᠦᠷᠴᠡᠶ᠃ ᠳᠠᠷᠠᠭᠠᠴᠢ ᠶᠢᠨ ᠠᠯᠬᠤᠮ ᠳᠤ᠂ ᠵᠢᠩ ᠢᠦᠢ ᠪᠦᠯᠦᠭᠯᠡᠯ ᠤᠨ ᠬᠢᠨ ᠬᠠᠷᠠᠴᠢᠨ ᠬᠤᠰᠢᠭᠤ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠵᠤᠭᠠᠴᠠᠯ ᠤᠨ ᠬᠥᠭᠵᠢᠯᠲᠡ ᠶᠢᠨ ᠲᠥᠯᠥᠪᠯᠡᠭᠡ᠂ ᠨᠡᠶᠢᠳᠬᠡᠨ ᠳᠡᠭᠡᠭᠰᠢᠯᠡᠭᠦᠯᠬᠦ᠂ ᠬᠦᠷᠦᠩᠬᠡ ᠶᠢᠨ ᠣᠷᠣᠭᠤᠯᠤᠯᠲᠠ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠪᠠᠷ ᠨᠡᠩ ᠤᠯᠠᠨ ᠬᠠᠮᠲᠤᠷᠠᠯᠴᠠᠭᠠᠨ ᠤ ᠴᠡᠭ ᠢ ᠱᠠᠭᠠᠷᠳᠠᠵᠤ᠂ ᠨᠡᠩ ᠤᠯᠠᠨ ᠰᠣᠳᠣᠨ ᠵᠤᠭᠠᠴᠠᠯ ᠤᠨ ᠪᠦᠲᠦᠭᠡᠭᠳᠡᠬᠦᠨ ᠢ ᠴᠢᠷᠮᠠᠶᠢᠨ ᠡᠭᠦᠳᠴᠦ᠂ ᠬᠠᠷᠠᠴᠢᠨ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠠᠢ᠃  ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ᠰᠣᠶᠣᠯ ᠵᠤᠭᠠᠴᠠᠯ ᠤᠨ ᠡᠬᠢ ᠪᠠᠶᠠᠯᠢᠭ ᠢ ᠬᠤᠪᠢᠷᠠᠭᠤᠯᠬᠤ᠂ ᠡᠵᠡᠩᠨᠡᠨ ᠪᠣᠷᠣᠯᠠᠭᠤᠯᠬᠤ ᠯᠣᠭᠢᠭ᠂ ᠠᠶᠠᠨᠴᠢᠳ ᠤᠨ ᠢᠷᠡᠯᠳᠡ ᠶᠢ ᠣᠷᠣᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠢᠷᠤᠵᠤ ᠲᠥᠯᠥᠪᠯᠡᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号