ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/15
  ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠡᠷᠬᠢᠯᠡᠨ ᠬᠤᠷᠠᠯᠳᠤᠭᠤᠯᠪᠠ  3 ᠰᠠᠷ᠎ᠠ ᠶᠢᠨ 15 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠶᠢᠨ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠤᠤ ᠮᠧᠩ ᠬᠤᠩ ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠢᠶᠠᠩ ᠯᠢ ᠬᠤᠷᠠᠯ ᠳᠤ ᠣᠷᠣᠯᠴᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠰᠢᠶᠧ ᠶᠦᠨ ᠰᠥᠩ ᠬᠤᠷᠠᠯ ᠡᠷᠭᠢᠯᠡᠪᠡ᠃  ᠬᠤᠷᠠᠯ ᠳᠡᠭᠡᠷ᠎ᠡ᠂ ᠰᠢᠶᠧ ᠶᠦᠨ ᠰᠦᠩ ᠶᠡᠷᠦᠩᠬᠡᠢ ᠱᠦᠵᠢ ᠰᠢ ᠶᠢᠨ ᠫᠢᠩ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠦᠨ ᠱᠤᠤ ᠹᠧᠩ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠢᠶᠠᠩ ᠯᠢ ︽ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠪᠣᠯᠤᠨ ︽ᠰᠢᠨ᠎ᠡ ᠴᠠᠭ ᠦᠶ᠎ᠡ ᠶᠢᠨ ︿ ᠹᠧᠩ ᠴᠢᠶᠣᠤ ᠶᠢᠨ ᠲᠤᠷᠰᠢᠯᠭ᠎ᠠ﹀ ᠶᠢ ᠪᠠᠷᠢᠮᠲᠠᠯᠠᠨ ᠬᠥᠭᠵᠢᠭᠦᠯᠵᠦ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾ ᠭᠡᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠤᠤ ᠮᠧᠩ ᠬᠤᠩ 2023 ᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠳ᠋ᠦᠩᠨᠡᠵᠦ᠂ 2024 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠬᠤᠷᠠᠯ ᠠᠴᠠ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠨ᠎ᠠ᠃ ᠠᠮᠤᠷ ᠠᠮᠤᠭᠤᠯᠠᠩ ᠤᠨ ᠰᠠᠭᠤᠷᠢ ᠶᠢ ᠪᠠᠲᠤ ᠴᠣᠭᠴᠠᠯᠠᠵᠤ᠂ ᠠᠮᠤᠷ ᠠᠮᠤᠭᠤᠯᠠᠩ ᠬᠠᠷᠠᠴᠢᠨ ᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠬᠤ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠠᠤᠯᠢᠵᠢᠯ ᠤᠨ ᠪᠠᠲᠤᠯᠠᠭ᠎ᠠ ᠶᠢ ᠪᠠᠲᠤᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠨ᠎ᠠ᠃ ᠡᠩᠨᠡᠭᠡᠨ ᠤ ᠰᠠᠭᠤᠷᠢ ᠪᠠᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠪᠠᠲᠤ ᠴᠢᠩᠭ᠎ᠠ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠪᠦᠬᠦ ᠬᠦᠴᠦᠨ ᠢᠶᠠᠷ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠺᠠᠳ᠋ᠷ ᠴᠠᠭᠳᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ︽ᠴᠠᠭᠳᠠᠭᠠᠨ ᠤ ᠬᠦᠴᠦᠨ ᠢ ᠳᠣᠷᠣᠭᠰᠢ ᠪᠠᠭᠤᠯᠭᠠᠬᠤ︾ ᠢᠨᠵᠧᠨᠧᠷᠢᠩ ᠢ ᠭᠦᠨᠵᠡᠭᠡᠶ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠺᠠᠳ᠋ᠷ ᠴᠠᠭᠳᠠᠭ᠎ᠠ ᠶᠢᠨ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃  ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ︵ᠠᠵᠤ ᠦᠢᠯᠡᠳᠪᠦᠷᠢ︶ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠨ ᠵᠠᠰᠠᠬᠤ ᠠᠵᠢᠯ ᠤᠨ ᠬᠠᠷᠢᠭᠤᠴᠠᠯᠭᠠᠲᠠᠨ ᠵᠢᠴᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠥᠬᠦ ᠺᠠᠳ᠋ᠷ ᠬᠤᠷᠠᠯ ᠳᠤ ᠣᠷᠣᠯᠴᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号