ᠸᠠᠩ ᠶᠧ ᠹᠦ᠋ ᠪᠠᠯᠭᠠᠰᠤ ᠲᠦᠬᠦᠭᠡᠷᠦᠮᠵᠢᠲᠦ ᠲᠠᠷᠢᠶᠠᠯᠠᠩ ᠤᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/20
ᠸᠠᠩ ᠶᠧ ᠹᠦ᠋ ᠪᠠᠯᠭᠠᠰᠤ ᠲᠦᠬᠦᠭᠡᠷᠦᠮᠵᠢᠲᠦ ᠲᠠᠷᠢᠶᠠᠯᠠᠩ ᠤᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ  ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠬᠠᠷᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠸᠠᠩ ᠶᠧ ᠹᠦ᠋ ᠪᠠᠯᠭᠠᠰᠤᠨ ᠤ ᠪᠡᠯᠡᠳᠭᠡᠮᠵᠢᠳᠤ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠨᠡᠮᠡᠭᠳᠡᠭᠦᠯᠦᠨ᠂ ᠤᠯᠠᠮᠵᠢᠯᠠᠯᠲᠤ ᠲᠠᠷᠢᠶᠠᠯᠠᠩ ᠤᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠳᠠᠰᠢ ᠠᠯᠬᠤᠮ ᠠᠯᠬᠤᠮ ᠢᠶᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠶᠢᠨ ᠲᠥᠯᠥᠭᠡ᠃ ᠣᠶᠢᠷ᠎ᠠ ᠳᠤ᠂ ᠸᠠᠩ ᠶᠧ ᠹᠦ᠋ ᠪᠠᠯᠭᠠᠰᠤ ᠶᠢᠨ ᠬᠢᠨ ᠪᠠᠯᠭᠠᠰᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡ ᠶᠢᠨ ᠭᠤᠤᠯᠯᠠᠭᠴᠢ ᠬᠥᠮᠦᠰ᠂ ᠬᠡᠰᠡᠭ ᠲᠣᠰᠬᠤᠨ ᠤ ᠺᠠᠳ᠋ᠷ ᠪᠠ ᠲᠠᠷᠢᠮᠠᠯ ᠤᠨ ᠲᠣᠮᠣ ᠡᠷᠦᠬᠡ ᠶᠢ ᠵᠣᠬᠢᠶᠠᠨ ᠪᠠᠶᠢᠭᠤᠯᠵᠤ ᠪᠡᠯᠡᠳᠭᠡᠮᠵᠢᠳᠤ ᠲᠠᠷᠢᠶᠠᠯᠠᠩ ᠤᠨ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠪᠡ᠃  ᠲᠣᠭᠤᠷᠢᠨ ᠦᠵᠡᠬᠦ ᠪᠦᠯᠬᠦᠮ ᠤᠨ ᠬᠢᠨ ᠤᠷᠢᠳ ᠬᠤᠵᠢᠳ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢ ᠴᠢᠶᠣᠤ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠢᠩᠴᠧᠩ ᠰᠢᠶᠠᠨ ᠤ ᠰᠢ ᠽᠢ ᠪᠠᠯᠭᠠᠰᠤ ᠶᠢᠨ ᠶᠢᠩ ᠷᠦᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠪᠦᠯᠦᠭᠯᠡᠯ᠂ ᠰᠦᠩᠱᠠᠨ ᠲᠣᠭᠤᠷᠢᠭ ᠤᠨ ᠴᠦ᠋ ᠳᠧᠦ ᠯᠠᠩ ᠪᠠᠯᠭᠠᠰᠤ ᠶᠢᠨ ᠹᠦ᠋ ᠱᠠᠨ ᠲᠣᠰᠬᠤᠨ ᠤ ᠲᠥᠬᠦᠭᠡᠷᠦᠮᠵᠢ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠬᠠᠷᠠᠴᠢᠨ ᠬᠤᠰᠢᠭᠤᠨ ᠤ ᠪᠠᠭ᠎ᠠ ᠨᠡᠭᠦᠴᠡ ᠪᠠᠯᠭᠠᠰᠤ ᠶᠢᠨ ᠶᠢᠨ ᠫᠧᠩ ᠲᠠᠷᠢᠮᠠᠯ ᠤᠨ ᠬᠤᠷᠰᠢᠶ᠎ᠠ ᠳᠤ ᠬᠦᠷᠴᠦ ᠲᠣᠭᠤᠷᠢᠨ ᠦᠵᠡᠵᠡᠢ᠃ ᠬᠦᠷᠦᠭᠰᠡᠨ ᠭᠠᠵᠠᠷ ᠪᠣᠯᠭᠠᠨ ᠳᠤ᠂ ᠣᠯᠠᠨ ᠢᠶᠠᠷ ᠢᠶᠠᠨ ᠴᠥᠮ ᠬᠠᠮᠢᠶ᠎ᠠ ᠪᠥᠬᠦᠶ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ︽ᠥᠪᠡᠷ ᠤᠨ ᠥᠷᠲᠡᠭ ᠨᠢ ᠬᠡᠳᠦᠶ ᠪᠣᠶ᠂ ᠬᠡᠳᠦᠶ ᠬᠤᠭᠤᠴᠠᠭᠠᠨ ᠳᠤ ᠬᠤᠷᠢᠶᠠᠯᠲᠠ ᠣᠯᠵᠤ ᠳᠡᠶᠢᠯᠬᠦ ᠪᠣᠶ᠂ ᠡᠷᠭᠢᠯᠲᠡ ᠨᠢ ᠪᠤᠳᠤᠯᠢᠶᠠᠨᠲᠠᠶ ᠤᠤ︖︾ ᠭᠡᠵᠦ ᠠᠰᠠᠭᠤᠵᠠᠶ᠃ ᠬᠠᠷᠢᠭᠤᠴᠠᠯᠭᠠᠲᠠᠨ ᠠᠰᠠᠭᠤᠳᠠᠯ ᠢ ᠦᠨᠳᠦᠰᠦᠯᠡᠨ ᠨᠢᠭᠡᠳ ᠨᠢᠭᠡ ᠪᠠᠷ ᠬᠠᠷᠢᠭᠤᠯᠲᠠ ᠥᠭᠴᠦ᠂ ᠳᠤᠯᠠᠭᠠᠨ ᠰᠠᠷᠠᠪᠴᠢ ᠶᠢᠨ ᠰᠥᠨᠢ ᠶᠢᠨ ᠳᠤᠯᠠᠭᠠᠨ ᠤ ᠬᠡᠮᠵᠢᠶ᠎ᠡ ᠶᠢ ᠡᠵᠡᠮᠳᠡᠬᠦ᠂ ᠳᠤᠯᠠᠭᠠᠨ ᠬᠠᠳᠠᠭᠠᠯᠠᠬᠤ ᠬᠡᠯᠪᠡᠷᠢ ᠵᠢᠴᠢ ᠳᠠᠪᠬᠤᠷᠭ᠎ᠠ ᠶᠢᠨ ᠲᠤᠭ᠎ᠠ᠂ ᠬᠥᠮᠦᠨ ᠤ ᠬᠦᠴᠦ ᠪᠠᠷ ᠡᠵᠡᠮᠳᠡᠬᠦ ᠳᠤ ᠬᠡᠷᠡᠭᠰᠡᠬᠦ ᠡᠯᠧᠮᠧᠨ᠋ᠲ ᠵᠢᠴᠢ ᠡᠵᠡᠮᠳᠡᠬᠦ ᠠᠷᠭ᠎ᠠ ᠵᠡᠷᠭᠡ ᠮᠡᠷᠭᠡᠵᠢᠯ ᠤᠨ ᠨᠠᠷᠢᠨ ᠵᠦᠢᠯᠡᠰ ᠢ ᠭᠤᠤᠯᠳᠠᠯᠭ᠎ᠠ ᠲᠠᠢ ᠲᠠᠨᠢᠯᠴᠠᠭᠤᠯᠪᠠ᠃ ᠤᠯᠠᠨ ᠢᠶᠠᠷ ᠢᠶᠠᠨ ᠰᠣᠨᠣᠰᠬᠤ ᠶᠢᠨ ᠳᠠᠭᠠᠤ ᠰᠤᠷᠤᠯᠴᠠᠬᠤ ᠶᠢᠨ ᠬᠠᠮᠲᠤ ᠸᠠᠩ ᠶᠧ ᠹᠦ᠋ ᠪᠠᠯᠭᠠᠰᠤᠨ ᠤ ᠲᠦᠬᠦᠭᠡᠷᠦᠮᠵᠢᠳᠤ ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ ᠢ ᠦᠨᠳᠦᠰᠦᠯᠡᠨ᠂ ᠳᠤᠯᠠᠭᠠᠨ ᠰᠠᠷᠠᠪᠴᠢ ᠶᠢᠨ ᠡᠨᠧᠷᠭᠢ ᠬᠠᠩᠭᠠᠬᠤ ᠠᠷᠭ᠎ᠠ ᠬᠡᠯᠪᠡᠷᠢ᠂ ᠲᠠᠩ ᠮᠦ ᠪᠠᠷ ᠰᠠᠷᠠᠪᠴᠢ ᠪᠠᠷᠢᠬᠤ ᠦᠨ᠎ᠡ ᠦᠷᠳᠡᠭ ᠵᠡᠷᠭᠡ ᠲᠠᠯ᠎ᠠ ᠶᠢᠨ ᠮᠡᠳᠡᠯᠭᠡ ᠪᠣᠯᠤᠨ ᠲᠤᠷᠰᠢᠯᠭ᠎ᠠ ᠳᠤ ᠴᠢᠭᠯᠡᠭᠦᠯᠦᠨ ᠭᠦᠨᠵᠡᠭᠡᠢ ᠰᠤᠷᠤᠯᠴᠠᠪᠠ᠃  ᠦᠵᠡᠭᠦᠯᠦᠯᠭᠡ ᠶᠢᠨ ᠰᠤᠷᠤᠯᠴᠠᠯᠭ᠎ᠠ ᠲᠡᠭᠦᠰᠦᠭᠰᠡᠨ ᠤ ᠲᠠᠷᠠᠭ᠎ᠠ᠂ ᠤᠯᠠᠨ ᠢᠶᠠᠷ ᠢᠶᠠᠨ᠂ ᠡᠨᠡ ᠤᠳᠠᠭ᠎ᠠ ᠶᠢᠨ ᠲᠣᠭᠤᠷᠢᠨ ᠦᠵᠡᠬᠦ ᠠᠵᠢᠯ ᠮᠠᠰᠢ ᠤᠯᠠᠨ ᠠᠮᠵᠢᠯᠲᠠ ᠣᠯᠵᠠᠢ᠂ ᠠᠬ᠎ᠠ ᠳᠡᠭᠦᠦ ᠰᠢᠶᠠᠩ ᠪᠠᠯᠭᠠᠰᠤ ᠶᠢᠨ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠲᠠᠯ᠎ᠠ ᠪᠠᠷ ᠬᠢ ᠰᠢᠯᠢᠳᠡᠭ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠳᠤᠯᠤᠨ ᠰᠤᠷᠤᠯᠴᠠᠭᠤᠰᠢᠲᠠᠢ ᠪᠠᠶᠢᠨ᠎ᠠ᠂ ᠡᠨᠡ ᠤᠳᠠᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠰᠣᠯᠢᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠲᠤᠰ ᠪᠠᠯᠭᠠᠰᠤ ᠶᠢᠨ ᠡᠬᠢ ᠪᠠᠶᠠᠯᠢᠭ ᠤᠨ ᠰᠠᠭᠤᠷᠢ ᠳᠤ ᠰᠠᠭᠤᠷᠢᠯᠠᠵᠤ᠂ ᠠᠵᠤ ᠦᠢᠯᠡᠰ ᠤᠨ ᠦᠷᠳᠡᠭ ᠨᠡᠮᠡᠭᠳᠡᠯ ᠤᠨ ᠦᠷ᠎ᠡ ᠠᠰᠢᠭ ᠢ ᠨᠡᠮᠡᠭᠳᠡᠭᠦᠯᠬᠦ ᠣᠷᠣᠨ ᠵᠠᠢ ᠶᠢ ᠥᠷᠭᠡᠳᠬᠡᠵᠦ᠂ ᠨᠡᠩ ᠤᠯᠠᠨ ᠤᠯᠠᠨ ᠲᠦᠮᠡᠨ ᠳᠤ ᠲᠦᠬᠦᠭᠡᠷᠦᠮᠵᠢᠳᠤ ᠲᠠᠷᠢᠶᠠᠯᠠᠩ ᠤᠨ ᠠᠮᠵᠢᠯᠲᠠ ᠲᠠᠢ ᠦᠷ᠎ᠡ ᠪᠦᠲᠦᠭᠡᠯ ᠢ ᠡᠳ᠋ᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号