ᠬᠠᠷᠠᠴᠢᠨ ᠬᠤᠰᠢᠭᠤᠨ ᠤ ᠬᠤᠯᠪᠣᠭᠠᠲᠤ ᠬᠤᠷᠰᠢᠶ᠎ᠠ᠄ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠬᠢᠵᠦ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2024/3/20
  ᠬᠠᠷᠠᠴᠢᠨ ᠬᠤᠰᠢᠭᠤᠨ ᠤ ᠬᠤᠯᠪᠣᠭᠠᠲᠤ ᠬᠤᠷᠰᠢᠶ᠎ᠠ᠄ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠬᠢᠵᠦ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ  ᠬᠤᠰᠢᠭᠤᠨ ᠤ ᠬᠤᠯᠪᠣᠭᠠᠲᠤ ᠬᠤᠷᠰᠢᠶ᠎ᠠ ᠲᠠᠷᠢᠶᠠᠯᠠᠩ ᠤᠨ ᠴᠠᠭ ᠢ ᠠᠮᠵᠢᠨ᠂ ᠬᠠᠪᠤᠷ ᠤᠨ ᠥᠩᠭᠡ ᠶᠢ ᠬᠥᠰᠡᠷᠳᠡᠭᠦᠯᠬᠦ ᠥᠬᠡᠶ ᠪᠠᠷ ᠤᠷᠢᠳᠴᠢᠯᠠᠨ ᠦᠢᠯᠡᠴᠢᠯᠡᠵᠦ ᠂ ᠢᠳᠡᠪᠬᠢᠲᠡᠶ ᠪᠠᠷ ᠠᠷᠭ᠎ᠠ ᠰᠦᠪᠡᠭᠴᠢᠯᠡᠨ᠂ ᠡᠯ᠎ᠡ ᠱᠠᠲᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦ ᠨᠡᠮᠡᠷᠢᠯᠡᠵᠦ᠂ ᠬᠠᠪᠤᠷ ᠤᠨ ᠡᠷᠲᠡ ᠶᠢᠨ ᠲᠠᠷᠢᠶᠠᠯᠠᠩ ᠢ ᠲᠤᠰᠠᠯᠠᠬᠤ ᠨᠢᠭᠡᠳᠦᠭᠡᠷ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠡᠬᠢᠯᠡᠭᠦᠯᠦᠨ᠎ᠡ᠃  ᠮᠥᠩᠭᠦᠨ ᠭᠦᠢᠯᠭᠡᠭᠡᠨ ᠢᠶᠠᠷ ︽ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ︾ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠪᠠᠯᠠ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ︾ ᠲᠤᠰᠬᠠᠶ ᠬᠠᠷᠢᠶᠠᠯᠠᠭᠳᠠᠬᠤ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠦ ᠴᠤᠪᠤᠷᠠᠯ ᠢ ᠰᠢᠯᠢᠳᠡᠭᠵᠢᠭᠦᠯᠦᠨ᠂ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ︾ ᠵᠢᠭᠡᠯᠡᠯᠭᠡ ᠶᠢᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢᠨ ᠬᠢᠷᠢ ᠬᠡᠮᠵᠢᠶ᠎ᠡ ᠶᠢ ᠪᠠᠭᠤᠷᠠᠭᠤᠯᠤᠨ᠂ ᠲᠠᠷᠢᠶᠠᠴᠢᠨ ᠡᠷᠦᠬᠡ ᠶᠢᠨ ᠲᠠᠷᠢᠶᠠᠯᠠᠬᠤ ᠪᠠ ᠲᠠᠷᠢᠶᠠᠯᠠᠩ ᠳᠤ ᠬᠡᠷᠡᠭᠯᠡᠬᠦ ᠲᠠᠯ᠎ᠠ ᠪᠠᠷ ᠬᠢ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃  ︽ᠬᠠᠪᠤᠷ ᠤᠨ ᠲᠠᠷᠢᠶᠠᠯᠠᠭ᠎ᠠ︾ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠪᠠ᠃ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠣᠯᠭᠠᠯᠴᠠᠭ᠎ᠠ ᠨᠡᠪᠲᠡᠷᠡᠯᠴᠡᠭᠡ ᠶᠢ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ ᠢ ᠥᠷᠭᠡᠳᠬᠡᠨ᠎ᠡ᠃ ᠬᠤᠰᠢᠭᠤᠨ ᠤ ᠬᠤᠯᠪᠣᠭᠠᠲᠤ ᠬᠤᠷᠰᠢᠶ᠎ᠠ ᠲᠡᠷᠡ ᠳᠠᠷᠤᠶ ᠳᠤᠨᠢ ᠬᠠᠷᠢᠶᠠᠨ ᠳᠠᠬᠢ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠡᠷᠭᠢᠮᠡᠯ ᠪᠠᠯᠠ ᠮᠥᠩᠭᠦ ᠬᠠᠩᠭᠠᠵᠤ᠂ 26 ᠠᠵᠤ ᠠᠬᠤᠶᠢᠯᠠᠯ ᠢ ᠠᠮᠵᠢᠯᠲᠠ ᠲᠠᠢ ᠪᠠᠷ ᠵᠣᠯᠭᠠᠭᠤᠯᠵᠤ᠂ 1.2 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠵᠤ᠂ ᠠᠵᠤ ᠠᠬᠤᠶᠢᠯᠠᠯ ᠢ ᠪᠦᠲᠦᠮᠵᠢᠲᠡᠶ ᠬᠠᠪᠰᠤᠷᠤᠨ ᠪᠠᠯᠠ ᠮᠥᠩᠭᠦ ᠶᠢᠨ ᠡᠷᠭᠢᠯᠲᠡ ᠶᠢᠨ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠴᠢᠨᠠᠷ ᠰᠠᠶᠢᠲᠠᠶ ᠠᠵᠤ ᠠᠬᠤᠶᠢᠯᠠᠯ ᠤᠨ ᠬᠥᠭᠵᠢᠯᠲᠡ ᠳᠤ ᠬᠦᠴᠦᠲᠡᠶ ︽ᠬᠥᠳᠡᠯᠭᠡᠬᠦ ᠬᠦᠴᠦᠨ︾ ᠬᠠᠩᠭᠠᠭᠰᠠᠨ ᠪᠠᠶᠢᠨ᠎ᠠ᠃  ︽ᠬᠠᠪᠤᠷ ᠤᠨ ᠲᠠᠷᠢᠶᠠᠯᠠᠭ᠎ᠠ︾ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠪᠠ᠃ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠣᠯᠭᠠᠯᠴᠠᠭ᠎ᠠ ᠨᠡᠪᠲᠡᠷᠡᠯᠴᠡᠭᠡ ᠶᠢ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠦᠷ᠎ᠡ ᠪᠦᠲᠦᠭᠡᠯ ᠢ ᠥᠷᠭᠡᠳᠬᠡᠨ᠎ᠡ᠃ ᠬᠤᠰᠢᠭᠤᠨ ᠤ ᠬᠤᠯᠪᠣᠭᠠᠲᠤ ᠬᠤᠷᠰᠢᠶ᠎ᠠ ᠲᠡᠷᠡ ᠳᠠᠷᠤᠶ ᠳᠤᠨᠢ ᠬᠠᠷᠢᠶᠠᠨ ᠳᠠᠬᠢ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠡᠷᠭᠢᠮᠡᠯ ᠪᠠᠯᠠ ᠮᠥᠩᠭᠦ ᠬᠠᠩᠭᠠᠵᠤ᠂ 26 ᠠᠵᠤ ᠠᠬᠤᠶᠢᠯᠠᠯ ᠢ ᠠᠮᠵᠢᠯᠲᠠ ᠲᠠᠢ ᠪᠠᠷ ᠵᠣᠯᠭᠠᠭᠤᠯᠵᠤ᠂ 1.2 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠵᠤ᠂ ᠠᠵᠤ ᠠᠬᠤᠶᠢᠯᠠᠯ ᠢ ᠪᠦᠲᠦᠮᠵᠢᠲᠡᠶ ᠬᠠᠪᠰᠤᠷᠤᠨ ᠪᠠᠯᠠ ᠮᠥᠩᠭᠦ ᠶᠢᠨ ᠡᠷᠭᠢᠯᠲᠡ ᠶᠢᠨ ᠠᠰᠠᠭᠤᠳᠠᠯ ᠢ ᠰᠢᠢᠳᠪᠦᠷᠢᠯᠡᠵᠦ ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠂ ᠴᠢᠨᠠᠷ ᠰᠠᠶᠢᠲᠠᠶ ᠠᠵᠤ ᠠᠬᠤᠶᠢᠯᠠᠯ ᠤᠨ ᠬᠥᠭᠵᠢᠯᠲᠡ ᠳᠤ ᠬᠦᠴᠦᠲᠡᠶ ︽ᠬᠥᠳᠡᠯᠭᠡᠬᠦ ᠬᠦᠴᠦᠨ︾ ᠬᠠᠩᠭᠠᠭᠰᠠᠨ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号