ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/3/20
ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢ ᠦᠷᠨᠢᠭᠦᠯᠪᠡ  ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠮᠠᠨ ᠤ ᠬᠤᠰᠢᠭᠤᠨ ᠤ ᠬᠠᠭᠠᠰ ᠲᠤᠰᠬᠠᠢᠵᠢᠭᠰᠠᠨ ᠣᠶ ᠰᠢᠭᠤᠶ ᠶᠢᠨ ᠭᠠᠯ ᠤᠨᠲᠠᠷᠠᠭᠠᠬᠤ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠬᠢᠭᠡᠳ ᠤᠯᠠᠭᠠᠨᠬᠠᠳᠠ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠬᠠᠮᠲᠤᠷᠠᠨ ᠮᠠᠨ ᠤ ᠬᠤᠰᠢᠭᠤᠨ ᠤ 15 ᠰᠠᠯᠠᠭ᠎ᠠ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠠᠩᠭᠢ ᠶᠢᠨ 50 ᠭᠠᠷᠤᠶ ᠬᠥᠮᠦᠨ ᠢ ᠵᠣᠬᠢᠶᠠᠨ ᠪᠠᠶᠢᠭᠤᠯᠵᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠪᠡ᠃  ᠪᠣᠯᠪᠠᠰᠤᠷᠠᠯ ᠤᠨ ᠶᠠᠪᠤᠴᠠ ᠳᠤ᠂ ᠬᠤᠲᠠ ᠶᠢᠨ ᠣᠶ ᠰᠢᠭᠤᠶ ᠶᠢᠨ ᠰᠡᠷᠭᠡᠶᠢᠯᠡᠯᠲᠡ ᠶᠢᠨ ᠰᠠᠯᠪᠤᠷᠢ ᠠᠩᠭᠢ ᠶᠢᠨ ᠭᠤᠣᠯᠯᠠᠭᠴᠢ ᠬᠦᠴᠦᠨ ᠣᠶ ᠰᠢᠭᠤᠶ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠰᠠᠯᠬᠢᠨ ᠬᠦᠴᠦᠨ ᠤ ᠭᠠᠯ ᠤᠨᠲᠠᠷᠠᠭᠠᠭᠤᠷ᠂ ᠠᠪᠴᠤ ᠶᠠᠪᠤᠬᠤ ᠳᠤ ᠳᠥᠭᠦᠮ ᠤᠰᠤᠨ ᠫᠤᠤ ᠵᠡᠷᠭᠡ ᠲᠣᠨᠤᠭ ᠲᠥᠬᠦᠭᠡᠷᠦᠮᠵᠢ ᠶᠢ ᠬᠡᠷᠡᠭᠯᠡᠬᠦ ᠠᠷᠭ᠎ᠠ ᠵᠢᠴᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠯᠳᠤᠬᠤ ᠠᠷᠭ᠎ᠠ ᠶᠢᠨ ᠬᠠᠮᠵᠢᠯᠴᠠᠭ᠎ᠠ ᠶᠢ ᠨᠠᠷᠢᠨ ᠲᠣᠳᠣᠷᠬᠠᠶ ᠵᠢᠱᠢᠶ᠎ᠡ ᠦᠵᠡᠭᠦᠯᠵᠦ᠂ ᠭᠠᠯ ᠤᠨᠲᠠᠷᠠᠭᠠᠬᠤ ᠠᠵᠢᠯᠯᠠᠭ᠎ᠠ ᠶᠢᠨ ᠶᠠᠪᠤᠴᠠ ᠳᠤ᠂ ᠠᠩᠭᠢ ᠶᠢᠨ ᠭᠡᠰᠢᠭᠦᠳ ᠣᠶ ᠰᠢᠭᠤᠶ ᠶᠢᠨ ᠭᠠᠯ ᠤᠨ ᠰᠦᠷᠳᠡᠭᠦᠯᠦᠯ ᠳᠤ ᠤᠴᠠᠷᠠᠭᠰᠠᠨ ᠪᠠᠴᠢᠮ ᠪᠠᠶᠢᠳᠠᠯ ᠤᠨ ᠳᠣᠤᠷ᠎ᠠ᠂ ᠬᠥᠮᠦᠰ᠂ ᠲᠣᠨᠤᠭ ᠲᠥᠬᠦᠭᠡᠷᠦᠮᠵᠢ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ ᠠᠪᠤᠭᠰᠠᠨ ᠡᠯ᠎ᠡ ᠵᠦᠢᠯ ᠤᠨ ᠪᠠᠴᠢᠮ ᠠᠷᠭᠠᠴᠠᠬᠤ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃  ᠪᠣᠳᠠᠲᠤ ᠪᠠᠶᠢᠯᠳᠤᠭᠠᠨ ᠤ ᠰᠣᠷᠢᠯᠲᠠ ᠶᠢᠨ ᠶᠠᠪᠤᠴᠠ ᠳᠤ᠂ 10 ᠬᠥᠮᠦᠨ ᠢᠶᠠᠷ ᠨᠢᠭᠡ ᠳᠤᠭᠤᠶᠢᠯᠠᠩ ᠪᠣᠯᠭᠠᠵᠤ᠂ 5 ᠲᠤᠰᠬᠠᠢ ᠮᠡᠷᠭᠡᠵᠢᠯ ᠤᠨ ᠠᠩᠬᠢ ᠶᠢᠨ ᠬᠢᠨ 5 ᠬᠠᠭᠠᠰ ᠲᠤᠰᠬᠠᠢᠵᠢᠭᠰᠠᠨ ᠠᠩᠬᠢ ᠶᠢᠨ ᠠᠩᠬᠢ ᠶᠢ ᠳᠠᠶᠢᠴᠢᠯᠠᠵᠤ᠂ ᠤᠷᠢᠳᠴᠢᠯᠠᠨ ᠲᠣᠭᠲᠠᠭᠠᠭᠰᠠᠨ ᠲᠥᠰᠦᠯ ᠶᠣᠰᠣᠭᠠᠷ᠂ ᠡᠯ᠎ᠡ ᠲᠦᠷᠦᠯ ᠤᠨ ᠡᠩ ᠤᠨ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠪᠠᠷ ᠭᠠᠯ ᠤᠨ ᠲᠠᠯᠠᠪᠠᠢ ᠶᠢ ᠬᠦᠴᠦ ᠪᠠᠨ ᠬᠠᠮᠲᠤᠳᠬᠠᠨ ᠳᠠᠷᠤᠵᠤ᠂ ᠭᠠᠯ ᠤᠨᠲᠠᠷᠠᠭᠠᠬᠤ ᠬᠤᠪᠢᠶᠠᠷᠢ ᠠᠩᠬᠢ ᠶᠢᠨ ᠬᠢᠨ ᠬᠦᠴᠦᠯᠡᠨ ᠳᠠᠭᠠᠷᠢᠵᠤ᠂ ᠪᠠᠶᠢᠯᠳᠤᠬᠤ ᠶᠢᠨ ᠳᠠᠭᠠᠤ ᠴᠡᠪᠡᠷᠯᠡᠵᠦ᠂ ︽ᠨᠢᠭᠡ ᠲᠠᠯ᠎ᠠ ᠪᠠᠷ ᠰᠢᠪᠲᠤᠯᠬᠤ᠂ ᠬᠤᠶᠠᠷ ᠲᠠᠯ᠎ᠠ ᠪᠠᠷ ᠪᠦᠰᠡᠯᠡᠬᠦ᠂ ᠠᠬᠢᠠ ᠤᠷᠤᠭᠰᠢᠯᠠᠵᠤ ᠭᠠᠯ ᠤᠨᠲᠠᠷᠠᠭᠠᠬᠤ︾ ᠭᠠᠯ ᠤᠨᠲᠠᠷᠠᠭᠠᠬᠤ ᠠᠷᠭ᠎ᠠ ᠪᠠᠷ ᠬᠠᠮᠵᠢᠯᠴᠠᠨ ᠪᠠᠶᠢᠯᠳᠤᠵᠠᠢ᠃ ᠡᠨᠡ ᠬᠤᠭᠤᠴᠠᠭᠠᠨ ᠳᠤ᠂ ᠰᠠᠯᠬᠢᠨ ᠤ ᠴᠢᠭᠯᠡᠯ ᠤᠨ ᠭᠡᠨᠡᠳᠲᠡ ᠶᠢᠨ ᠬᠤᠪᠢᠷᠠᠯᠲᠠ᠂ ᠭᠠᠯ ᠤᠨ ᠲᠠᠯᠠᠪᠠᠶ ᠶᠢᠨ ᠥᠷᠭᠡᠵᠢᠨ ᠳᠡᠯᠭᠡᠷᠡᠬᠦ ᠵᠡᠷᠭᠡ ᠣᠯᠠᠨ ᠦᠵᠡᠭᠳᠡᠯ ᠢ ᠳᠠᠭᠤᠷᠢᠶᠠᠨ ᠰᠢᠢᠳᠪᠦᠷᠢᠯᠡᠵᠦ ᠂ ᠰᠣᠷᠢᠯᠲᠠ ᠶᠢᠨ ᠠᠬᠤᠶ ᠪᠠᠶᠢᠳᠠᠯ ᠢ ᠠᠯᠢ ᠴᠢᠳᠠᠬᠤ ᠪᠠᠷ ᠦᠨᠡᠨ ᠪᠣᠳᠠᠲᠠᠶ ᠪᠠᠶᠢᠯᠳᠤᠭᠠᠨ ᠳᠤ ᠣᠷᠣᠭᠤᠯᠵᠤ᠂ ᠪᠣᠶ ᠪᠥᠬᠦᠶ ᠰᠣᠷᠢᠯᠲᠠ ᠳᠤ ᠣᠷᠣᠯᠴᠠᠭᠰᠠᠳ ᠢ ᠢᠷᠡᠭᠡᠳᠦᠶ ᠳᠤ ᠭᠡᠨᠡᠳᠲᠡ ᠶᠢᠨ ᠪᠠᠶᠢᠳᠠᠯ ᠳᠤ ᠦᠨᠡᠨ ᠪᠣᠳᠠᠲᠠᠶ ᠪᠠᠷ ᠬᠠᠨᠳᠤᠬᠤ ᠦᠶ᠎ᠡ ᠳᠤ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠭᠰᠠᠨ ᠤᠷᠢᠲᠠᠯ ᠳᠣᠤᠷ᠎ᠠ᠂ ᠡᠯ᠎ᠡ ᠵᠦᠢᠯ ᠤᠨ ᠠᠰᠠᠭᠤᠳᠠᠯ ᠢ ᠣᠨᠣᠪᠴᠢᠲᠠᠶ᠂ ᠴᠠᠭ ᠲᠤᠬᠠᠶ ᠳᠤᠨᠢ ᠠᠷᠭᠠᠴᠠᠬᠤ ᠶᠢᠨ ᠲᠥᠯᠥᠭᠡ ᠰᠣᠷᠢᠯᠲᠠ ᠶᠢᠨ ᠠᠬᠤᠶ ᠪᠠᠶᠢᠳᠠᠯ ᠢ ᠦᠨᠡᠨ ᠪᠣᠳᠠᠲᠠᠶ ᠪᠠᠶᠢᠯᠳᠤᠭᠠᠨ ᠳᠤ ᠣᠷᠣᠯᠴᠠᠭᠤᠯᠬᠤ ᠶᠢᠨ ᠲᠥᠯᠥᠭᠡ ᠶᠤᠮ᠃  ︽ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠨᠢ ᠭᠠᠯ ᠤᠨᠲᠠᠷᠠᠭᠠᠬᠤ ᠲᠤᠷᠰᠢᠯᠭ᠎ᠠ ᠪᠠ ᠭᠠᠯ ᠤᠨᠲᠠᠷᠠᠭᠠᠬᠤ ᠴᠢᠳᠠᠪᠤᠷᠢ ᠪᠠᠷ ᠮᠠᠰᠢ ᠪᠠᠶᠠᠯᠢᠭ ᠪᠠᠶᠢᠳᠠᠭ᠂ ᠲᠣᠰ ᠤᠳᠠᠭᠠᠨ ᠤ ᠬᠠᠮᠲᠤᠷᠠᠭᠰᠠᠨ ᠰᠣᠷᠢᠯᠲᠠ ᠠᠴᠠ ᠪᠣᠯᠵᠣ᠂ ᠮᠠᠨ ᠤ ᠬᠤᠰᠢᠭᠤᠨ ᠤ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠠᠩᠭᠢ ᠶᠢᠨ ᠭᠠᠯ ᠤᠨᠲᠠᠷᠠᠭᠠᠬᠤ ᠪᠠᠶᠢᠯᠳᠤᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠶᠢᠰᠢᠳᠠ᠂ ᠮᠠᠨ ᠤ ᠬᠤᠰᠢᠭᠤ ᠲᠣᠰ ᠤᠳᠠᠭᠠᠨ ᠤ ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠤ ᠬᠠᠮᠲᠤᠷᠠᠭᠰᠠᠨ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠬᠤ᠂ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠪᠠᠶᠢᠭᠤᠯᠬᠤ ᠶᠢ ᠴᠢᠬᠤᠯᠠᠴᠢᠯᠠᠬᠤ ᠳᠡᠭᠡᠷ᠎ᠡ ᠬᠦᠴᠦ ᠲᠠᠯᠪᠢᠵᠤ᠂ ᠡᠷᠴᠢ ᠵᠣᠷᠢᠭ ᠢᠶᠠᠨ ᠰᠢᠪᠬᠠᠨ᠂ ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ ᠭᠡᠵᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠯᠠᠩ ᠱᠦ᠋ ᠹᠸᠢ ᠬᠡᠯᠡᠵᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号