ᠬᠠᠷᠠᠴᠢᠨ ᠬᠤᠰᠢᠭᠤᠨ ᠤ 2024 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2024/5/10
  ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠵᠢᠯ ᠤᠨ ᠬᠠᠷᠠᠯᠲᠠ ᠳᠠᠭᠠᠨ ᠰᠠᠭᠤᠷᠢᠯᠠᠨ᠂ ᠡᠬᠢᠯᠡᠯᠲᠡ ᠶᠢᠨ ᠬᠠᠨᠳᠤᠰᠢ ᠶᠢ ᠠᠮᠵᠢᠨ᠂ ᠢᠲᠡᠭᠡᠯ ᠵᠣᠷᠢᠭ ᠢᠶᠠᠨ ᠪᠠᠲᠤᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠯᠬᠤᠴᠠ ᠶᠢ ᠰᠠᠯᠤᠯ ᠥᠬᠡᠶ ᠳᠠᠭᠠᠵᠤ ᠬᠡᠷᠡᠭᠯᠡᠭᠡ ᠶᠢ ᠥᠷᠭᠡᠳᠬᠡᠨ᠂ ᠪᠥᠬᠦ ᠬᠤᠰᠢᠭᠤᠨ ᠤ ᠠᠵᠤ ᠠᠬᠤᠶ ᠶᠢᠨ ᠡᠬᠢᠯᠡᠯᠲᠡ ᠲᠣᠭᠲᠠᠭᠤᠨ ᠪᠠᠶᠢᠵᠤ᠂ ᠡᠬᠢᠯᠡᠯᠲᠡ ᠰᠠᠶᠢᠨ ᠪᠠᠶᠢᠨ᠎ᠠ᠃  ᠠᠩᠬ᠎ᠠ ᠠᠯᠬᠤᠮ ᠤᠨ ᠲᠣᠭᠠᠴᠠᠭ᠎ᠠ ᠬᠢᠵᠦ᠂ 2024 ᠣᠨ ᠤ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 33.5 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠵᠤ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠠᠵᠤ ᠦᠢᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.5 ᠳ᠋ᠦᠩᠰᠢᠭᠤᠷ ᠲᠥᠭᠦᠷᠢᠭ ᠲᠤ ᠬᠦᠷᠴᠦ᠂ 11.4% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 17.3 ᠳ᠋ᠦᠩᠰᠢᠭᠤᠷ ᠲᠥᠭᠦᠷᠢᠭ ᠲᠤ ᠬᠦᠷᠴᠦ᠂ 5.8% ᠪᠠᠷ ᠨᠡᠮᠡᠭᠳᠡᠪᠡ᠃ ᠡᠭᠦᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 13.8 ᠳ᠋ᠦᠩᠰᠢᠭᠤᠷ ᠲᠥᠭᠦᠷᠢᠭ ᠲᠤ ᠬᠦᠷᠴᠦ᠂ 2.3% ᠪᠠᠷ ᠨᠡᠮᠡᠭᠳᠡᠨ᠂ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 3.5 ᠳ᠋ᠦᠩᠰᠢᠭᠤᠷ ᠲᠥᠭᠦᠷᠢᠭ ᠲᠤ ᠬᠦᠷᠴᠦ᠂ 53.8% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.7 ᠳ᠋ᠦᠩᠰᠢᠭᠤᠷ ᠲᠥᠭᠦᠷᠢᠭ ᠲᠤ ᠬᠦᠷᠴᠦ᠂ 1.6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠤᠰ ᠲᠤᠰ 21.9%᠂ 60.1%᠂ 18.0% ᠪᠠᠶᠢᠵᠤ᠂ ᠠᠵᠤ ᠠᠬᠤᠢ ᠶᠢᠨ ᠨᠡᠮᠡᠭᠳᠡᠯ ᠢ ᠲᠤᠰ ᠲᠤᠰ 0.9᠂ 2.6 ᠪᠠ 0.8 ᠵᠠᠭᠤᠨ ᠤ ᠴᠡᠭ ᠲᠠᠶᠢᠴᠢᠯᠠᠵᠠᠢ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号