ᠡᠨᠡ ᠵᠢᠯ ᠤᠨ ᠡᠬᠢᠨ ᠳᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ | ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ︾ ᠶᠢ ᠨᠡᠶᠢᠲᠡᠯᠡᠵᠦ᠂ | ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠤᠯᠠᠭᠠᠨᠬᠠᠳᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠤᠯᠠᠭᠠᠨᠬᠠᠳᠠ ᠬᠤᠲᠠ ᠶᠢᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ﹀ ᠶᠢ ᠨᠡᠶᠢᠲᠡᠯᠡᠬᠦ ᠲᠤᠬᠠᠶ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠨᠢ ᠬᠠᠷᠠᠭᠠᠯᠵᠠᠭᠰᠠᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠵᠤ᠂ ᠤᠯᠠᠨ ᠳᠤ | ᠨᠡᠶᠢᠲᠡᠯᠡᠪᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤᠨ ᠤ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠦᠢᠯᠡᠴᠢᠯᠡᠭᠡᠨ ᠤ ᠨᠠᠷᠢᠨ | ᠬᠠᠭᠤᠳᠠᠰᠤ ᠶᠢᠨ ᠠᠭᠤᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠲᠣᠰ ᠭᠠᠵᠠᠷ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠨᠠᠰᠤᠵᠢᠯ ᠤᠨ ᠦᠢᠯᠡᠴᠢᠯᠡᠭᠡ ᠳᠤ ᠬᠤᠯᠪᠣᠭᠳᠠᠬᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠲᠦᠷᠦᠭᠦᠯᠡᠨ ᠵᠣᠬᠢᠴᠠᠭᠤᠯᠵᠤ᠂ ︽ᠬᠠᠷᠠᠴᠢᠨ ᠬᠤᠰᠢᠭᠤᠨ ᠤ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠨᠠᠷᠢᠨ | ᠬᠠᠭᠤᠳᠠᠰᠤ︾ ︵ᠲᠥᠰᠦᠯ︶ ᠶᠢ ᠲᠤᠭᠤᠷᠪᠢᠪᠠ᠃ ᠡᠳᠦᠭᠡ ᠦᠢᠯᠡᠴᠢᠯᠡᠭᠡᠨ ᠤ ᠨᠠᠷᠢᠨ ᠬᠠᠭᠤᠳᠠᠰᠤ ᠶᠢᠨ | ᠲᠥᠰᠦᠯ ᠳᠤ ᠳᠣᠤᠷᠠᠬᠢ ᠮᠡᠲᠦ ᠲᠣᠳᠣᠷᠬᠠᠶᠢᠯᠠᠯᠲᠠ ᠬᠢᠶ᠎ᠡ᠄ | ᠨᠢᠭᠡ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠬᠤ | ᠵᠠᠷᠴᠢᠮ᠃ | 1. ᠬᠠᠭᠤᠳᠠᠰᠤ ᠶᠣᠰᠣᠭᠠᠷ ᠪᠦᠬᠦᠨ ᠢ ᠬᠤᠷᠢᠶᠠᠬᠤ ᠵᠠᠷᠴᠢᠮ᠃ ᠤᠯᠠᠭᠠᠨᠬᠠᠳᠠ ᠬᠤᠲᠠ ᠶᠢᠨ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠪᠣᠯ ᠪᠥᠬᠦ ᠬᠤᠲᠠ ᠳᠤ ᠬᠠᠨᠳᠤᠭᠤᠯᠤᠭᠰᠠᠨ | ᠶᠤᠮ᠂ ᠲᠡᠭᠦᠨ ᠤ ᠨᠠᠷᠢᠨ ᠬᠠᠭᠤᠳᠠᠰᠤ ᠳᠤ ᠪᠠᠭᠲᠠᠭᠠᠭᠰᠠᠨ ᠠᠭᠤᠯᠭ᠎ᠠ ᠶᠣᠰᠣᠭᠠᠷ ᠪᠦᠬᠦᠨ ᠢ ᠬᠤᠷᠢᠶᠠᠬᠤ ᠬᠡᠷᠡᠭᠲᠡᠶ᠂ | ᠡᠶᠢᠮᠦ ᠠᠴᠠ ᠮᠠᠨ ᠤ ᠬᠤᠰᠢᠭᠤᠨ ᠤ ᠦᠢᠯᠡᠴᠢᠯᠡᠭᠡᠨ ᠤ ᠨᠠᠷᠢᠨ ᠬᠠᠭᠤᠳᠠᠰᠤ ᠳᠤ ᠡᠷᠬᠡᠪᠰᠢ ᠬᠤᠲᠠ ᠶᠢᠨ ᠲᠠᠰ ᠤᠨ | ᠨᠠᠷᠢᠨ ᠬᠠᠭᠤᠳᠠᠰᠤ ᠶᠢᠨ ᠪᠥᠬᠦ ᠠᠭᠤᠯᠭ᠎ᠠ ᠶᠢ ᠪᠠᠭᠲᠠᠭᠠᠬᠤ ᠬᠡᠷᠡᠭᠲᠡᠶ᠃ | 2. ᠪᠣᠳᠠᠲᠤ ᠪᠠᠶᠢᠳᠠᠯ ᠳᠤ ᠨᠡᠶᠢᠴᠡᠭᠦᠯᠬᠦ᠂ ᠭᠦᠢᠴᠡᠳ ᠴᠢᠬᠤᠯᠠ ᠪᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ | ᠵᠠᠷᠴᠢᠮ᠃ ᠪᠣᠳᠠᠲᠤ ᠪᠠᠶᠢᠳᠠᠯ ᠳᠤ ᠨᠡᠶᠢᠴᠡᠬᠦ ᠪᠣᠯ ᠳᠠᠷᠤᠶ ᠨᠠᠷᠢᠨ ᠬᠠᠭᠤᠳᠠᠰᠤ ᠶᠢᠨ ᠠᠭᠤᠯᠭ᠎ᠠ ᠨᠢ ᠣᠳᠣᠬᠠᠨ ᠤ | ᠮᠠᠨ ᠤ ᠬᠤᠰᠢᠭᠤᠨ ᠤ ᠪᠦᠬᠦ ᠨᠠᠰᠤᠲᠠᠶᠢᠴᠤᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ | ᠣᠳᠣᠬᠠᠨ ᠤ ᠣᠷᠣᠰᠢᠵᠤ ᠪᠠᠶᠢᠭ᠎ᠠ ᠨᠠᠰᠤᠵᠢᠯ ᠤᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠶᠠᠪᠤᠳᠠᠯ ᠪᠣᠯᠤᠨ᠎ᠠ᠃ | 3. ᠬᠠᠤᠯᠢ ᠲᠣᠭᠲᠠᠭᠠᠯ ᠳᠤ ᠨᠡᠶᠢᠴᠡᠬᠦ ᠵᠠᠷᠴᠢᠮ᠃ ᠨᠠᠷᠢᠨ ᠬᠠᠭᠤᠳᠠᠰᠤ ᠶᠢᠨ ᠠᠭᠤᠯᠭ᠎ᠠ ᠨᠢ ᠡᠷᠬᠡᠪᠰᠢ ᠣᠲᠣ ᠶᠢᠨ | ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠲᠦᠷᠢᠮ ᠲᠣᠭᠲᠠᠭᠠᠯ᠂ ᠲᠦᠷᠢᠮ ᠲᠠᠢ ᠨᠡᠶᠢᠴᠡᠭᠰᠡᠨ ᠪᠠᠶᠢᠬᠤ ᠬᠡᠷᠡᠭᠲᠡᠶ᠂ | ᠨᠠᠷᠢᠨ ᠬᠠᠭᠤᠳᠠᠰᠤ ᠶᠢ ᠨᠡᠶᠢᠲᠡᠯᠡᠭᠰᠡᠨ ᠶᠠᠪᠤᠳᠠᠯ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷᠢᠮ ᠤᠨ ᠳᠣᠤᠷ᠎ᠠ᠂ | ᠡᠯ᠎ᠡ ᠰᠠᠯᠠᠭ᠎ᠠ ᠮᠥᠴᠢᠷ ᠡᠯ᠎ᠡ ᠬᠦᠷᠢᠶᠡᠨ ᠳᠤ ᠲᠠᠷᠠᠬᠠᠶ ᠣᠷᠣᠰᠢᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠬᠠᠮᠢᠶ᠎ᠠ ᠪᠥᠬᠦᠶ ᠠᠭᠤᠯᠭ᠎ᠠ ᠶᠢ ᠡᠮᠬᠢᠯᠡᠬᠦ ᠪᠠ ᠬᠤᠷᠢᠶᠠᠩᠭᠤᠶᠢᠯᠠᠬᠤ ᠠᠴᠠ ᠪᠢᠰᠢ ᠬᠠᠮᠢᠶ᠎ᠠ ᠪᠥᠬᠦᠶ | ᠦᠢᠯᠡᠴᠢᠯᠡᠭᠡᠨ ᠤ ᠲᠦᠷᠢᠮ ᠪᠠ ᠦᠢᠯᠡᠴᠢᠯᠡᠭᠡᠨ ᠤ ᠲᠠᠰ ᠳᠠᠷᠠᠭᠠᠯᠠᠯ ᠢ ᠰᠢᠨ᠎ᠡ ᠪᠠᠷ ᠲᠣᠭᠲᠠᠭᠠᠭᠰᠠᠨ ᠶᠠᠪᠤᠳᠠᠯ ᠪᠢᠰᠢ | ᠶᠤᠮ᠃ ᠡᠭᠦᠨ ᠤ ᠵᠣᠷᠢᠯᠭ᠎ᠠ ᠨᠢ ᠨᠠᠷᠢᠨ ᠬᠠᠭᠤᠳᠠᠰᠤ ᠶᠢ ᠨᠡᠶᠢᠲᠡᠯᠡᠬᠦ ᠪᠠᠷ ᠳᠠᠮᠵᠢᠭᠤᠯᠤᠨ᠂ ᠣᠯᠠᠨ ᠲᠦᠮᠡᠨ ᠳᠤ ᠡᠯ᠎ᠡ | ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠣᠶᠢᠯᠠᠭᠠᠭᠤᠯᠬᠤ ᠶᠢᠨ ᠲᠥᠯᠥᠭᠡ ᠶᠤᠮ᠃ | 4. ᠣᠳᠣᠬᠢ ᠪᠠᠶᠢᠳᠠᠯ ᠳᠤ ᠰᠠᠭᠤᠷᠢᠯᠠᠵᠤ᠂ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠬᠤ ᠵᠠᠷᠴᠢᠮ᠃ ᠲᠣᠰ | ᠤᠳᠠᠭᠠᠨ ᠤ ᠨᠡᠶᠢᠲᠡᠯᠡᠭᠰᠡᠨ ᠨᠠᠷᠢᠨ ᠬᠠᠭᠤᠳᠠᠰᠤ ᠶᠢᠨ ᠠᠭᠤᠯᠭ᠎ᠠ ᠨᠢ ᠦᠨᠳᠦᠰᠦᠨ ᠳᠡᠭᠡᠨ ᠡᠯ᠎ᠡ ᠰᠠᠯᠠᠭ᠎ᠠ ᠮᠥᠴᠢᠷ ᠤᠨ | ᠨᠢᠭᠡᠨᠲᠡ ᠨᠠᠶᠢᠳᠠᠪᠤᠷᠢᠵᠢᠭᠤᠯᠤᠭᠰᠠᠨ ᠠᠵᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠶᠠᠭ ᠢᠳᠡᠪᠬᠢᠲᠡᠶ ᠠᠬᠢᠭᠤᠯᠵᠤ | ᠪᠠᠶᠢᠭ᠎ᠠ ᠣᠬᠤᠷ ᠬᠤᠭᠤᠴᠠᠭᠠᠨ ᠳᠤ ᠥᠯᠥ ᠲᠣᠭᠲᠠᠭᠠᠵᠤ ᠪᠡᠶᠡᠯᠡᠭᠦᠯᠵᠦ ᠳᠡᠶᠢᠯᠬᠦ ᠦᠢᠯᠡᠴᠢᠯᠡᠭᠡᠨ ᠤ ᠠᠭᠤᠯᠭ᠎ᠠ ᠶᠢ | ᠣᠷᠣᠭᠤᠯᠤᠭᠰᠠᠨ ᠥᠬᠡᠶ᠃ | |