ᠬᠤᠶᠠᠷ᠂ ᠲᠣᠰ ᠤᠳᠠᠭᠠᠨ ᠤ ᠨᠡᠶᠢᠲᠡᠯᠡᠭᠰᠡᠨ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠦᠨᠳᠦᠰᠦᠨ ᠠᠭᠤᠯᠭ᠎ᠠ᠃ | | ᠲᠣᠰ ᠤᠳᠠᠭᠠᠨ ᠤ ᠨᠡᠶᠢᠲᠡᠯᠡᠭᠰᠡᠨ ᠨᠠᠷᠢᠨ ᠬᠠᠭᠤᠳᠠᠰᠤ ᠳᠤ ᠦᠢᠯᠡᠴᠢᠯᠡᠭᠡᠨ ᠤ ᠲᠥᠷᠥᠯ ᠵᠦᠢᠯ ᠨᠡᠶᠢᠲᠡ 28 | ᠪᠠᠶᠢᠵᠤ᠂ ᠬᠥᠮᠦᠨ ᠤ ᠬᠦᠴᠦᠨ ᠤ ᠡᠬᠢ ᠪᠠᠶᠠᠯᠢᠭ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ᠂ ᠬᠠᠤᠯᠢ ᠴᠠᠭᠠᠵᠠ᠂ ᠡᠳ᠋ ᠤᠨ | ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ | ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠤ ᠬᠤᠯᠪᠤᠭᠳᠠᠪᠠ᠃ 1. ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠤᠯᠪᠣᠭᠳᠠᠬᠤ ᠲᠥᠷᠥᠯ ᠵᠦᠢᠯ 4 ᠪᠣᠶ᠂ ᠡᠭᠦᠨ ᠳᠤ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ᠂ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠯ ᠵᠡᠷᠭᠡ 3 | ᠵᠦᠢᠯ ᠤᠨ ᠠᠭᠤᠯᠭ᠎ᠠ ᠶᠢ ᠨᠢᠭᠡᠨᠲᠡ ᠣᠯᠠᠨ ᠵᠢᠯ ᠬᠡᠷᠡᠭᠵᠢᠭᠦᠯᠪᠡ᠃ 2. ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠲᠥᠷᠥᠯ ᠵᠦᠢᠯ᠂ ᠨᠠᠰᠤᠲᠠᠶᠢᠴᠤᠳ ᠤᠨ ᠴᠢᠳᠠᠪᠤᠷᠢ ᠶᠢ ᠶᠡᠷᠦᠩᠬᠡᠶᠢᠯᠡᠨ ᠦᠨᠡᠯᠡᠨ ᠵᠢᠱᠢᠬᠦ ᠲᠥᠷᠥᠯ | ᠵᠦᠢᠯ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ ︽ᠤᠯᠤᠰ ᠤᠨ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠪᠠᠷᠢᠮᠵᠢᠶ᠎ᠠ ︵2021 ᠣᠨ ᠤ ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠬᠡᠷᠡᠭᠵᠢᠭᠦᠯᠬᠦ ᠪᠠᠷᠢᠮᠵᠢᠶ᠎ᠠ ︽2021 ᠣᠨ ᠤ | ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠦᠷᠢᠮ︾ | ᠦᠢᠯᠡᠴᠢᠯᠡᠭᠡᠨ ᠤ ᠡᠲᠡᠭᠡᠳ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠᠶᠢᠵᠤ᠂ ᠦᠢᠯᠡᠴᠢᠯᠡᠭᠡᠨ ᠤ | ᠠᠭᠤᠯᠭ᠎ᠠ ᠪᠠ ᠪᠠᠷᠢᠮᠵᠢᠶ᠎ᠠ ᠪᠣᠯ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠢᠳᠠᠪᠤᠷᠢ ᠶᠢᠨ | ᠶᠡᠷᠦᠩᠬᠡᠶᠢᠯᠡᠭᠰᠡᠨ ᠦᠨᠡᠯᠡᠨ ᠵᠢᠱᠢᠯᠲᠡ ᠪᠣᠯᠤᠨ᠎ᠠ᠃ 3. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 2 ᠪᠤᠢ᠂ ᠬᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠳᠡᠮᠵᠢᠯᠭᠡ ᠶᠢᠨ ᠦᠢᠯᠡᠴᠢᠯᠡᠭᠡ ᠳᠤ ᠬᠤᠯᠪᠣᠭᠳᠠᠨ᠎ᠠ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠪᠣᠯ ᠲᠥᠪ ᠲᠠᠷᠬᠠᠭᠠᠭᠰᠠᠨ ︹2021︺ 42 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠪᠠᠶᠢᠵᠤ᠂ ᠦᠢᠯᠡᠴᠢᠯᠡᠬᠦ | ᠡᠲᠡᠭᠡᠳ ᠨᠢ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠥᠬᠡᠶ ᠭᠡᠵᠦ ᠮᠠᠭᠠᠳᠯᠠᠨ ᠲᠣᠭᠲᠠᠭᠠᠭᠰᠠᠨ ᠠᠵᠤ | ᠠᠬᠤᠶ ᠨᠢ ᠬᠦᠴᠢᠷᠳᠡᠯᠲᠡᠶ ᠨᠠᠰᠤᠲᠠᠶᠢᠴᠤᠳ ᠮᠥᠨ᠂ ᠦᠢᠯᠡᠴᠢᠯᠡᠭᠡᠨ ᠤ ᠠᠭᠤᠯᠭ᠎ᠠ ᠵᠢᠴᠢ ᠪᠠᠷᠢᠮᠵᠢᠶ᠎ᠠ ᠪᠣᠯ | ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠬᠡᠷ ᠪᠦᠯᠢ ᠶᠢᠨ ᠪᠦᠷᠢᠯᠳᠦᠬᠦᠨ ᠤ | ᠬᠠᠷᠠᠭᠠᠯᠵᠠᠨ ᠠᠰᠠᠷᠠᠬᠤ ᠪᠣᠯᠪᠠᠰᠤᠷᠠᠭᠤᠯᠤᠯ ᠵᠡᠷᠭᠡ ᠬᠠᠮᠢᠶ᠎ᠠ ᠪᠥᠬᠦᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠳᠤ ᠣᠷᠣᠯᠴᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠥᠬᠦᠪᠥᠷᠢ ᠣᠯᠭᠤᠨ᠎ᠠ᠃ 4. ᠡᠷᠡᠭᠦᠯ | ᠬᠠᠮᠠᠭᠠᠯᠠᠯ ᠡᠷᠡᠭᠦᠯ ᠮᠡᠨᠳᠦ ᠳᠤ ᠬᠤᠯᠪᠣᠭᠳᠠᠭᠰᠠᠨ ᠲᠦᠷᠦᠯ ᠵᠦᠢᠯ 3 ᠪᠠᠶᠢᠵᠤ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠣᠨᠴᠠᠭᠠᠶ ᠲᠡᠳᠬᠦᠮᠵᠢ ᠶᠢᠨ | ᠮᠥᠩᠭᠦ ᠶᠢ ᠤᠷᠢᠳᠠᠪᠠᠷ ᠭᠥᠷᠳᠡᠪᠡ᠂ ᠡᠨᠡ ᠭᠤᠷᠪᠠᠨ ᠵᠦᠢᠯ ᠢ ᠨᠢᠭᠡᠨᠲᠡ ᠣᠯᠠᠨ ᠵᠢᠯ ᠨᠠᠶᠢᠳᠠᠪᠤᠷᠢᠵᠢᠭᠤᠯᠵᠤ᠂ ᠳᠠᠬᠢᠨ | ᠲᠣᠭᠠᠴᠢᠬᠤ ᠥᠬᠡᠶ᠃ 5. ᠰᠣᠶᠣᠯ ᠵᠢᠭᠤᠯᠴᠢᠯᠠᠯ ᠤᠨ ᠲᠣᠪᠴᠢᠶ᠎ᠠ ᠬᠤᠯᠪᠤᠭᠳᠠᠭᠰᠠᠨ ᠲᠦᠷᠦᠯ ᠵᠦᠢᠯ 1 ᠪᠤᠢ᠂ | ᠨᠠᠰᠤᠲᠠᠶᠢᠴᠤᠳ ᠤᠨ ᠵᠢᠭᠤᠯᠴᠢᠯᠠᠯ ᠰᠡᠯᠡᠭᠦᠴᠡᠯ ᠤᠨ ᠰᠣᠶᠣᠯ ᠤᠨ ᠠᠵᠢᠯᠯᠠᠭ᠎ᠠ ᠶᠢᠨ ᠬᠠᠷᠠᠭᠠᠯᠵᠠᠯ ᠳᠤ ᠬᠤᠯᠪᠣᠭᠳᠠᠨ᠎ᠠ᠂ | ᠡᠨᠡ ᠬᠦ ᠵᠦᠢᠯ ᠢ ᠨᠢᠭᠡᠨᠲᠡ ᠣᠯᠠᠨ ᠵᠢᠯ ᠬᠡᠷᠡᠭᠵᠢᠭᠦᠯᠪᠡ᠃ 6. ᠵᠠᠮ ᠬᠠᠷᠢᠯᠴᠠᠭᠠᠨ ᠤ ᠲᠣᠪᠴᠢᠶ᠎ᠠ ᠳᠤ | ᠬᠤᠯᠪᠤᠭᠳᠠᠬᠤ ᠲᠦᠷᠦᠯ ᠵᠦᠢᠯ 1 ᠪᠤᠢ᠂ ᠨᠠᠰᠤᠲᠠᠶᠢᠴᠤᠳ ᠤᠨ ᠵᠠᠮ ᠬᠠᠷᠢᠯᠴᠠᠭᠠᠨ ᠤ ᠬᠠᠷᠠᠭᠠᠯᠵᠠᠯ ᠳᠤ | ᠬᠤᠯᠪᠣᠭᠳᠠᠨ᠎ᠠ᠂ ᠡᠨᠡ ᠬᠦ ᠵᠦᠢᠯ ᠢ ᠨᠢᠭᠡᠨᠲᠡ ᠣᠯᠠᠨ ᠵᠢᠯ ᠬᠡᠷᠡᠭᠵᠢᠭᠦᠯᠪᠡ᠃ 7᠂ ᠬᠠᠤᠯᠢ ᠴᠠᠭᠠᠵᠠ ᠶᠢᠨ | ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 2 ᠪᠤᠢ᠂ ᠬᠦᠴᠢᠷᠳᠡᠯᠲᠡᠶ ᠨᠠᠰᠤᠲᠠᠶᠢᠴᠤᠳ ᠤᠨ ᠬᠠᠤᠯᠢ | ᠴᠠᠭᠠᠵᠠ ᠶᠢᠨ ᠲᠤᠰᠠᠯᠠᠮᠵᠢ᠂ ᠨᠠᠰᠤᠲᠠᠶᠢᠴᠤᠳ ᠤᠨ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠳᠤ ᠬᠤᠯᠪᠤᠭᠳᠠᠨ᠎ᠠ᠂ | ᠲᠣᠰ ᠵᠦᠢᠯᠡᠰ ᠢ ᠨᠢᠭᠡᠨᠲᠡ ᠣᠯᠠᠨ ᠵᠢᠯ ᠨᠠᠶᠢᠳᠠᠪᠤᠷᠢᠵᠢᠭᠤᠯᠪᠠ᠃ 8. ᠡᠳ᠋ ᠤᠨ ᠵᠠᠰᠠᠭ ᠤᠨ ᠲᠣᠪᠴᠢᠶ᠎ᠠ ᠳᠤ | ᠬᠤᠯᠪᠣᠭᠳᠠᠬᠤ ᠲᠦᠷᠦᠯ ᠵᠦᠢᠯ 1 ᠪᠤᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠥᠬᠦᠪᠥᠷᠢ ᠶᠢ | ᠨᠢᠭᠡᠨᠲᠡ ᠨᠠᠶᠢᠳᠠᠪᠤᠷᠢᠵᠢᠭᠤᠯᠪᠠ᠃ 9. ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠳᠤ ᠬᠤᠯᠪᠣᠭᠳᠠᠬᠤ ᠲᠦᠷᠦᠯ ᠵᠦᠢᠯ 1 ᠪᠤᠢ᠂ ᠨᠡᠶᠢᠭᠡᠮ ᠲᠣᠭᠤᠷᠢᠭ ᠤᠨ ᠬᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ | ᠲᠥᠷᠥ ᠶᠢᠨ ᠪᠣᠳᠣᠯᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠢ ᠦᠨᠳᠦᠰᠦᠯᠡᠪᠡ᠃ 10᠂ ᠭᠠᠶᠢᠯᠢ ᠶᠢᠨ ᠶᠠᠪᠤᠳᠠᠯ ᠤᠨ | ᠲᠣᠪᠴᠢᠶ᠎ᠠ ᠳᠤ ᠬᠤᠯᠪᠤᠭᠳᠠᠬᠤ ᠲᠦᠷᠦᠯ ᠵᠦᠢᠯ 1 ᠪᠤᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠭᠰᠡᠨ ᠡᠨᠡ ᠬᠦ ᠵᠦᠢᠯ ᠢ ᠨᠢᠭᠡᠨᠲᠡ ᠬᠡᠷᠡᠭᠵᠢᠭᠦᠯᠪᠡ᠃ | ᠳᠡᠭᠡᠷᠡᠬᠢ 28 ᠵᠦᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠭᠤᠯᠭ᠎ᠠ ᠳᠤ᠂ ᠨᠡᠶᠢᠭᠡᠮ | ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢ | ᠳᠣᠭᠢᠷᠠᠭᠤᠯᠤᠨ ᠪᠠᠶᠢᠭᠤᠯᠬᠤ ᠲᠥᠷᠥᠯ ᠵᠦᠢᠯ ᠠᠴᠠ ᠭᠠᠳᠠᠨ᠎ᠠ᠂ ᠴᠥᠮ ᠨᠢᠭᠡᠨᠲᠡ ᠬᠡᠷᠡᠭᠵᠢᠭᠦᠯᠦᠭᠰᠡᠨ ᠪᠤᠶᠤ | ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠪᠠᠶᠢᠵᠤ᠂ ᠡᠳ᠋ ᠤᠨ ᠵᠠᠰᠠᠭ ᠤᠨ ᠳᠠᠷᠤᠭᠠᠰᠤ ᠶᠢ ᠨᠡᠮᠡᠭᠳᠡᠭᠦᠯᠬᠦ ᠥᠬᠡᠶ᠂ | ᠰᠠᠯᠠᠭ᠎ᠠ ᠮᠥᠴᠢᠷ ᠤᠨ ᠠᠵᠢᠯ ᠤᠨ ᠬᠡᠮᠵᠢᠶ᠎ᠡ ᠶᠢ ᠨᠡᠮᠡᠭᠳᠡᠭᠦᠯᠬᠦ ᠥᠬᠡᠶ᠃ ᠡᠶᠢᠮᠦ ᠠᠴᠠ᠂ ᠲᠣᠰ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠡᠶᠢᠲᠡᠯᠡᠬᠦ ᠨᠢ ᠬᠡᠷᠡᠭᠵᠢᠭᠦᠯᠵᠦ ᠪᠣᠯᠬᠤᠶᠢᠴᠠ ᠪᠥᠭᠡᠳ | ᠪᠠᠰᠠ ᠴᠢᠬᠤᠯᠠ ᠲᠠᠢ ᠶᠤᠮ᠃ | ᠭᠤᠷᠪᠠ᠂ ᠬᠤᠯᠪᠣᠭᠳᠠᠯ ᠪᠥᠬᠦᠶ ᠵᠦᠢᠯᠡᠰ ᠤᠨ ᠲᠣᠳᠣᠷᠬᠠᠶᠢᠯᠠᠯᠲᠠ | 1. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠡᠶᠢᠲᠡᠯᠡᠭᠰᠡᠨ ᠶᠠᠪᠤᠳᠠᠯ ᠪᠣᠯ | ᠵᠠᠰᠠᠭ ᠤᠨ ᠣᠷᠳᠣᠨ ᠠᠴᠠ ᠪᠥᠬᠦ ᠨᠡᠶᠢᠭᠡᠮ ᠳᠤ ᠬᠢᠭᠰᠡᠨ ᠠᠮᠠᠯᠠᠯᠲᠠ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠴᠤᠪᠤᠷᠠᠯ ᠢ | ᠨᠠᠷᠢᠯᠢᠭᠵᠢᠭᠤᠯᠤᠨ ᠬᠡᠮᠵᠢᠶᠡᠵᠢᠭᠦᠯᠵᠦ᠂ ᠤᠬᠠᠭᠤᠯᠭ᠎ᠠ ᠪᠠᠨ ᠴᠢᠩᠭᠠᠳᠬᠠᠨ᠂ ᠨᠥᠬᠦᠴᠡᠯ ᠳᠤ ᠨᠡᠶᠢᠴᠡᠬᠦ ᠨᠠᠰᠤᠲᠠᠨ | ᠨᠢᠭᠡᠪᠦᠷᠢ ᠳᠤ ᠦᠢᠯᠡᠴᠢᠯᠡᠭᠡ ᠬᠦᠷᠲᠡᠭᠡᠬᠦ ᠬᠡᠷᠡᠭᠲᠡᠢ᠃ | 2. ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠨᠠᠷᠢᠨ ᠬᠠᠭᠤᠳᠠᠰᠤ ᠳᠠᠬᠢ | ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ | ᠮᠡᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | 3. ᠨᠠᠷᠢᠨ ᠬᠠᠭᠤᠳᠠᠰᠤ ᠶᠢᠨ ᠠᠭᠤᠯᠭ᠎ᠠ ᠶᠢ ᠪᠠᠰᠠ ᠨᠠᠶᠢᠳᠠᠪᠤᠷᠢᠵᠢᠭᠤᠯᠤᠭᠠᠳᠤᠶ ᠰᠠᠯᠠᠭ᠎ᠠ ᠮᠥᠴᠢᠷ ᠰᠢᠯᠲᠠᠭᠠᠨ ᠢ | ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠨᠠᠶᠢᠳᠠᠪᠤᠷᠢᠵᠢᠭᠤᠯᠬᠤ ᠲᠥᠰᠦᠯ | ᠲᠣᠭᠲᠠᠭᠠᠵᠤ᠂ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠶ᠃ | |