ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠲᠥᠰᠦᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/5/21
ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠲᠥᠰᠦᠯ ᠤᠨ ᠲᠠᠶᠢᠯᠤᠮᠵᠢ  ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠨᠢ ᠶᠠᠭᠤ ᠪᠤᠢ︖  ᠮᠠᠨ ᠤ ᠤᠯᠤᠰ ᠪᠤᠯ ᠦᠨᠢ ᠤᠳᠠᠭᠠᠨ ᠲᠡᠤᠬᠡ ᠲᠠᠢ ᠪᠤᠯᠪᠠᠰᠤᠨ ᠡᠷᠳᠡᠨ ᠤ ᠤᠯᠤᠰ ᠮᠦᠨ᠂ ᠬᠦᠨ ᠵᠤᠵᠠᠭᠠᠨ ᠲᠡᠤᠬᠡ ᠶᠢᠨ ᠠᠭᠤᠯᠤᠬᠳᠠᠴᠠ ᠪᠠ ᠡᠯᠪᠡᠭ ᠪᠠᠶᠠᠯᠢᠭ ᠲᠡᠤᠬᠡ ᠶᠢᠨ ᠲᠤᠷᠠᠰᠬᠠᠯᠳᠤ ᠵᠦᠢᠯᠡᠰ ᠤᠨ ᠡᠬᠢ ᠪᠠᠶᠠᠯᠢᠭ ᠲᠠᠢ ᠪᠠᠶᠢᠳᠠᠭ᠂ ᠲᠡᠭᠡᠪᠡᠯ ᠮᠠᠨ ᠤ ᠲᠡᠤᠬᠡ ᠶᠢᠨ ᠰᠠᠭᠤᠷᠢ ᠴᠤᠬᠤᠮ ᠬᠡᠴᠢᠨᠡᠨ ᠬᠦᠨ ᠵᠤᠵᠠᠭᠠᠨ ᠪᠠᠶᠢᠬᠤ ᠪᠤᠢ︖ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠴᠤᠬᠤᠮ ᠬᠡᠳᠦᠢ ᠪᠠᠶᠠᠯᠢᠭ ᠪᠠᠶᠢᠬᠤ ᠪᠤᠢ︖ ᠡᠨᠡ ᠪᠤᠯ ᠲᠠᠷᠤᠢ ᠦᠨᠤᠳᠤᠷ ᠪᠢᠳᠠᠨ ᠤ ᠶᠠᠷᠢᠯᠴᠠᠬᠤ ᠰᠡᠲᠦᠪ - ᠲᠡᠤᠬᠡ ᠶᠢᠨ ᠲᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠳᠠ ᠮᠦᠨ᠃  ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠮᠥᠨ᠂ ᠤᠯᠤᠰ ᠤᠨ ᠰᠣᠶᠣᠯ ᠤᠨ ᠠᠮᠤᠷ ᠲᠦᠪᠰᠢᠨ ᠤ ᠴᠢᠬᠤᠯᠠ ᠪᠠᠲᠤᠯᠠᠭ᠎ᠠ ᠮᠥᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠳᠤ ᠰᠠᠭᠤᠷᠢᠯᠠᠭᠰᠠᠨ ᠴᠢᠬᠤᠯᠠ ᠰᠠᠭᠤᠷᠢ ᠴᠢᠨᠠᠷᠲᠠᠶ ᠠᠵᠢᠯ ᠮᠥᠨ᠃  ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠨᠢᠭᠡᠳᠦᠯᠲᠡᠶ ᠤᠳᠤᠷᠢᠳᠴᠤ᠂ ᠰᠠᠯᠠᠭ᠎ᠠ ᠮᠥᠴᠢᠷ ᠬᠠᠮᠵᠢᠯᠴᠠᠵᠤ᠂ ᠱᠠᠲᠤ ᠬᠤᠪᠢᠶᠠᠨ ᠬᠠᠷᠢᠭᠤᠴᠠᠵᠤ᠂ ᠡᠯ᠎ᠡ ᠲᠠᠯ᠎ᠠ ᠶᠢᠨ ᠬᠢᠨ ᠣᠷᠣᠯᠴᠠᠬᠤ︾ ᠠᠷᠭ᠎ᠠ ᠮᠠᠶ᠋ᠢᠭ ᠢᠶᠠᠷ ᠯᠢ ᠱᠦᠶ ᠬᠤᠲᠠ ᠶᠢᠨ ᠳᠣᠲᠣᠷᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠬᠦ‍ ᠨᠢᠭᠡ ᠵᠦᠢᠯ ᠤᠨ ᠰᠢᠰᠲ᠋ᠧᠮᠲᠦ ᠴᠢᠨᠠᠷᠲᠠᠶ ᠠᠵᠢᠯ ᠪᠣᠯᠤᠨ᠎ᠠ᠃  ᠲᠡᠦᠬᠡ ᠶᠢᠨ ᠳᠤᠷᠠᠰᠭᠠᠯᠲᠤ ᠵᠦᠢᠯ ᠤᠨ ᠨᠡᠢᠳᠡᠮ ᠪᠠᠢᠴᠠᠭᠠᠯᠲᠠ ᠶᠢᠨ ᠲᠡᠤᠬᠡ ᠶᠢ ᠢ ᠴᠢ ᠣᠢᠯᠠᠭᠠᠨ᠎ᠠ ᠤᠤ︖  ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠳᠠᠭᠠᠯᠳᠤᠨ᠂ 17 ᠵᠢᠯ ᠤᠨ ᠯᠢ ᠱᠦᠶ ᠬᠤᠲᠠ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ︽ᠬᠡᠷ ᠤᠨ ᠪᠠᠶᠢᠳᠠᠯ ᠢ ᠣᠶᠢᠯᠠᠭᠠᠬᠤ︾ ᠶᠢ ᠳᠠᠬᠢᠨᠲᠠ ᠬᠡᠷᠡᠭᠵᠢᠭᠦᠯᠪᠡ᠃ ᠦᠨᠡᠨ ᠳᠡᠭᠡᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠰᠢ ᠮᠠᠨ ᠤ ᠤᠯᠤᠰ ᠨᠢᠭᠡᠨᠲᠡ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠭᠤᠷᠪᠠ ᠤᠳᠠᠭ᠎ᠠ ᠥᠷᠨᠢᠭᠦᠯᠵᠡᠶ᠃
  •   ᠠᠩᠬᠠᠳᠤᠭᠠᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ
  • ᠪᠠᠶᠢᠴᠠᠭᠠᠯᠲᠠ ᠨᠢ 1956 ᠣᠨ ᠤ 4 ᠰᠠᠷ᠎ᠠ ᠠᠴᠠ ᠡᠬᠢᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽
  • ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠳᠤᠮᠳᠠ ᠲᠡᠤᠬᠡ ᠶᠢᠨ ᠳᠤᠷᠠᠰᠬᠠᠯᠲᠤ ᠵᠦᠢᠯ ᠢ
  • ᠬᠠᠮᠠᠭᠠᠯᠠᠬᠤ ᠲᠤᠬᠠᠶ ᠮᠡᠳᠡᠭᠳᠡᠯ︾ ᠢ ᠨᠡᠶᠢᠲᠡᠯᠡᠵᠦ᠂ ᠪᠦᠬᠦ ᠤᠯᠤᠰ ᠤᠨ ᠬᠡᠪᠴᠢᠶᠡᠨ ᠳᠤ ᠲᠡᠤᠬᠡ ᠪᠠ ᠬᠤᠪᠢᠰᠬᠠᠯ ᠤᠨ
  • ᠳᠤᠷᠠᠰᠬᠠᠯᠲᠤ ᠵᠦᠢᠯ ᠤᠨ ᠦᠯᠡᠳᠡᠭᠳᠡᠯ ᠢ ᠨᠡᠶᠢᠳᠡᠮ ᠪᠠᠶᠢᠴᠠᠭᠠᠬᠤ ᠠᠵᠢᠯ ᠥᠷᠨᠢᠭᠦᠯᠵᠦ᠂ ᠲᠤᠬᠠᠶ ᠶᠢᠨ ᠦᠶ᠎ᠡ ᠶᠢᠨ
  • ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠦᠨᠳᠦᠰᠦᠨ ᠪᠠᠶᠢᠳᠠᠯ ᠪᠠ ᠲᠠᠷᠬᠠᠯᠲᠠ ᠶᠢᠨ ᠪᠠᠶᠢᠳᠠᠯ ᠢ
  • ᠦᠨᠳᠦᠰᠦᠨ ᠳᠡᠭᠡᠨ ᠣᠶᠢᠯᠠᠭᠠᠪᠠ᠃ ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ ᠨᠢ ᠰᠢᠨ᠎ᠡ
  • ᠳᠤᠮᠳᠠᠳᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠳᠤ ᠪᠠᠲᠤ ᠪᠠᠬᠢ
  • ᠰᠠᠭᠤᠷᠢ ᠶᠢ ᠲᠠᠯᠪᠢᠵᠤ ᠥᠭᠴᠡᠶ᠃ ᠰᠡᠭᠦᠯᠡᠷ ᠨᠢ ᠨᠡᠶᠢᠳᠡᠮ ᠪᠠᠶᠢᠴᠠᠭᠠᠯᠲᠠ ᠶᠢᠨ ᠰᠠᠭᠤᠷᠢᠨ ᠳᠡᠭᠡᠷ᠎ᠡ 1961
  • ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ︽ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ
  • ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠢ ᠨᠡᠶᠢᠲᠡᠯᠡᠵᠦ᠂ ᠲᠡᠤᠬᠡ ᠶᠢᠨ ᠳᠤᠷᠠᠰᠬᠠᠯᠲᠤ ᠵᠦᠢᠯ ᠢ
  • ᠬᠠᠮᠠᠭᠠᠯᠠᠬᠤ ᠨᠢᠭᠡᠴᠢ ᠶᠢᠨ ᠳᠦᠷᠢᠮ ᠢ ᠪᠠᠶᠢᠭᠤᠯᠤᠨ᠂ ᠠᠩᠬᠠᠳᠤᠭᠠᠷ ᠪᠦᠯᠦᠭ ᠪᠦᠬᠦ ᠤᠯᠤᠰ ᠤᠨ ᠭᠤᠣᠯᠳᠠᠯᠭ᠎ᠠ ᠲᠠᠢ
  • ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠶᠢ ᠨᠡᠶᠢᠲᠡᠯᠡᠭᠰᠡᠨ ᠪᠠᠶᠢᠨ᠎ᠠ᠃
  •   2᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠨᠡᠶᠢᠳᠡᠮ
  • ᠪᠠᠶᠢᠴᠠᠭᠠᠯᠲᠠ 1981 ᠣᠨ ᠠᠴᠠ ᠡᠬᠢᠯᠡᠵᠦ᠂ ᠨᠡᠶᠢᠳᠡᠮ ᠪᠠᠶᠢᠴᠠᠭᠠᠯᠲᠠ ᠶᠢᠨ ᠪᠦᠷᠬᠦᠭᠰᠡᠨ ᠲᠠᠯᠠᠪᠠᠶ ᠨᠢ
  • ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠠᠴᠠ ᠢᠯᠡᠷᠬᠡᠶ ᠨᠡᠮᠡᠭᠳᠡᠵᠦ᠂ ᠡᠨᠡ ᠤᠳᠠᠭᠠᠨ ᠤ ᠨᠡᠶᠢᠳᠡᠮ
  • ᠪᠠᠶᠢᠴᠠᠭᠠᠯᠲᠠ ᠨᠢ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠢ ᠶᠡᠷᠦᠩᠬᠡᠶ ᠳᠤᠨᠢ
  • ᠡᠵᠡᠮᠰᠢᠵᠦ᠂ ᠨᠡᠶᠢᠳᠡᠮ ᠪᠠᠶᠢᠴᠠᠭᠠᠯᠲᠠ ᠶᠢᠨ ᠰᠠᠭᠤᠷᠢᠨ ᠳᠡᠭᠡᠷ᠎ᠡ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ
  • ᠬᠤᠶᠠᠳᠤᠭᠠᠷ ᠪᠦᠯᠦᠭ ᠠᠴᠠ ᠵᠢᠷᠭᠤᠳᠤᠭᠠᠷ ᠪᠦᠯᠦᠭ ᠬᠦᠷᠲᠡᠯᠡᠬᠢ ᠪᠦᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ
  • ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ ᠬᠢᠨᠠᠨ ᠲᠣᠭᠲᠠᠭᠠᠵᠤ ᠨᠡᠶᠢᠲᠡᠯᠡᠪᠡ᠂ ᠡᠯ᠎ᠡ ᠭᠠᠵᠠᠷ ᠤᠨ ᠬᠢᠨ
  • ᠪᠠᠰᠠ ᠣᠯᠠᠨ ᠪᠦᠯᠦᠭ ᠤᠳᠠᠭ᠎ᠠ ᠮᠤᠵᠢ ᠶᠢᠨ ᠱᠠᠲᠤ᠂ ᠬᠤᠲᠠ ᠰᠢᠶᠠᠨ ᠤ ᠱᠠᠲᠤᠨ ᠤ ᠲᠡᠤᠬᠡ ᠶᠢᠨ ᠳᠤᠷᠠᠰᠬᠠᠯᠲᠤ
  • ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ ᠨᠡᠶᠢᠲᠡᠯᠡᠪᠡ︔ ᠲᠡᠤᠬᠡ ᠶᠢᠨ ᠳᠤᠷᠠᠰᠬᠠᠯᠲᠤ ᠵᠦᠢᠯ ᠤᠨ ᠪᠠᠶᠢᠭᠤᠯᠤᠮᠵᠢ
  • ᠡᠩᠨᠡᠭᠡ ᠶᠢ ᠴᠢᠩᠭᠠᠳᠬᠠᠵᠤ᠂ ᠲᠡᠤᠬᠡ ᠶᠢᠨ ᠳᠤᠷᠠᠰᠬᠠᠯᠲᠤ ᠵᠦᠢᠯ ᠤᠨ ᠳᠠᠩᠰᠠ ᠡᠪᠬᠡᠮᠡᠯ ᠢ ᠪᠠᠶᠢᠭᠤᠯᠤᠨ
  • ᠲᠡᠭᠦᠯᠳᠡᠷᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ
  • ᠴᠤ ᠳᠡᠭᠡᠭᠰᠢᠯᠡᠭᠦᠯᠪᠡ᠃
  •   ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ
  • ᠪᠠᠶᠢᠴᠠᠭᠠᠯᠲᠠ 2007 ᠣᠨ ᠤ 4 ᠳ᠋ᠦᠭᠡᠷ ᠰᠠᠷ᠎ᠠ ᠠᠴᠠ ᠡᠬᠢᠯᠡᠵᠦ 5 ᠵᠢᠯ ᠬᠡᠷᠡᠭᠰᠡᠨ᠎ᠡ᠃ ᠭᠤᠷᠪᠠ ᠶᠢ
  • ᠲᠦᠭᠡᠮᠡᠯᠵᠢᠭᠦᠯᠬᠦ ᠳᠤ ᠲᠣᠤᠷ ᠰᠦᠯᠵᠢᠶ᠎ᠡ᠂ ᠠᠯᠤᠰ ᠰᠡᠷᠡᠯ᠂ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ
  • ᠪᠣᠯᠤᠨ ᠪᠦᠬᠦ ᠪᠥᠮᠪᠥᠷᠴᠡᠭ ᠤᠨ ᠳᠠᠭᠠᠭᠤᠯᠢ ᠣᠳᠣᠨ ᠣᠷᠣᠨ ᠪᠠᠶᠢᠷᠢ ᠲᠣᠭᠲᠠᠭᠠᠬᠤ ᠰᠢᠰᠲ᠋ᠧᠮ ᠵᠡᠷᠭᠡ ᠰᠢᠨᠵᠢᠯᠡᠬᠦ
  • ᠤᠬᠠᠭᠠᠨ ᠮᠡᠷᠭᠡᠵᠢᠯ ᠤᠨ ᠰᠢᠨ᠎ᠡ ᠠᠷᠭ᠎ᠠ ᠪᠠᠷᠢᠯ ᠢ ᠬᠡᠷᠡᠭᠯᠡᠨ᠂ ᠪᠦᠬᠦ ᠤᠯᠤᠰ ᠤᠨ ᠰᠢᠯᠵᠢᠭᠦᠯᠵᠦ ᠪᠣᠯᠤᠰᠢ ᠦᠭᠡᠶ
  • ᠲᠡᠦᠬᠡ ᠶᠢᠨ ᠳᠤᠷᠠᠰᠬᠠᠯᠲᠤ ᠵᠦᠢᠯ ᠤᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠪᠣᠯᠤᠨ ᠡᠯᠧᠺᠲᠷᠣᠨ ᠭᠠᠵᠠᠷ ᠤᠨ
  • ᠵᠢᠷᠤᠭ ᠢ ᠲᠡᠭᠦᠯᠳᠡᠷᠵᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠲᠣᠰ ᠤᠳᠠᠭᠠᠨ ᠤ ᠨᠡᠶᠢᠳᠡᠮ
  • ᠪᠠᠶᠢᠴᠠᠭᠠᠯᠲᠠ ᠶᠢᠨ ᠠᠵᠢᠯ ᠨᠢ ᠪᠦᠬᠦ ᠤᠯᠤᠰ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ
  • ᠵᠦᠢᠯᠡᠰ ᠤᠨ ᠡᠬᠢ ᠪᠠᠶᠠᠯᠢᠭ ᠤᠨ ᠰᠠᠭᠤᠷᠢ ᠪᠠ ᠦᠨᠳᠦᠰᠦᠨ ᠪᠠᠶᠢᠳᠠᠯ ᠢ ᠪᠠᠶᠢᠴᠠᠭᠠᠨ ᠲᠣᠳᠣᠯᠠᠵᠤ᠂ ᠲᠡᠦᠬᠡ ᠶᠢᠨ
  • ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠭᠡ ᠬᠡᠮᠵᠢᠶᠡᠨ ᠤ ᠰᠠᠭᠤᠷᠢ ᠮᠡᠳᠡᠭᠡ ᠵᠠᠩᠭᠢ ᠪᠠ ᠨᠠᠷᠢᠨ ᠪᠣᠳᠠᠲᠠᠢ
  • ᠲᠤᠭ᠎ᠠ ᠪᠠᠷᠢᠮᠲᠠ ᠶᠢ ᠡᠵᠡᠮᠰᠢᠵᠦ᠂ ᠡᠨᠡ ᠬᠦ ᠰᠠᠭᠤᠷᠢᠨ ᠳᠡᠭᠡᠷ᠎ᠡ ᠲᠥᠷᠥ ᠶᠢᠨ ᠶᠠᠪᠤᠳᠠᠯ ᠤᠨ ᠬᠤᠷᠢᠶ᠎ᠠ ᠠᠴᠠ
  • ᠳᠣᠯᠣᠳᠤᠭᠠᠷ ᠪᠦᠯᠦᠭ᠂ ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ
  • ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢ ᠬᠢᠨᠠᠨ ᠲᠣᠭᠲᠠᠭᠠᠵᠤ ᠨᠡᠶᠢᠲᠡᠯᠡᠵᠦ᠂ ᠨᠡᠶᠢᠳᠡᠮ
  • ᠪᠠᠶᠢᠴᠠᠭᠠᠯᠲᠠ ᠶᠢᠨ ᠦᠷ᠎ᠡ ᠪᠦᠲᠦᠭᠡᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠡᠦᠬᠡ ᠶᠢᠨ
  • ᠳᠤᠷᠠᠰᠬᠠᠯᠲᠤ ᠵᠦᠢᠯᠡᠰ ᠤᠨ ᠠᠵᠢᠯ ᠤᠨ ᠴᠢᠬᠤᠯᠠ ᠰᠠᠭᠤᠷᠢ ᠪᠣᠯᠪᠠ᠃
  •   ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠬᠡᠵᠢᠶ᠎ᠡ ᠡᠬᠢᠯᠡᠬᠦ
  • ᠪᠤᠢ︖
  •   ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ
  • ᠪᠠᠶᠢᠴᠠᠭᠠᠯᠲᠠ 2023 ᠣᠨ ᠤ 11 ᠰᠠᠷ᠎ᠠ ᠠᠴᠠ ᠡᠬᠢᠯᠡᠨ 2026 ᠣᠨ ᠤ 6 ᠰᠠᠷ᠎ᠠ ᠪᠣᠯᠲᠠᠯ᠎ᠠ ᠨᠡᠶᠢᠳᠡᠮ
  • ᠪᠠᠶᠢᠴᠠᠭᠠᠯᠲᠠ ᠶᠢᠨ ᠪᠠᠷᠢᠮᠵᠢᠶ᠎ᠠ ᠴᠠᠭ ᠪᠣᠯ 2024 ᠣᠨ ᠤ 4 ᠰᠠᠷ᠎ᠠ ᠶᠢᠨ 30 ᠤ ᠡᠳᠦᠷ ᠪᠣᠯᠤᠨ᠎ᠠ᠃
  •   ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ ᠶᠠᠭᠤ ᠬᠢᠬᠦ
  • ᠪᠤᠢ︖
  •   ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠎ᠠ ᠤᠯᠤᠰ ᠤᠨ ᠰᠢᠯᠵᠢᠭᠦᠯᠵᠦ ᠪᠣᠯᠤᠰᠢ ᠦᠭᠡᠶ ᠲᠡᠦᠬᠡ ᠶᠢᠨ
  • ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠪᠠᠶᠢᠭᠤᠯᠵᠤ᠂ ᠪᠦᠬᠦ ᠤᠯᠤᠰ ᠤᠨ ᠰᠢᠯᠵᠢᠭᠦᠯᠵᠦ
  • ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠲᠣᠮᠣ ᠳ᠋ᠠᠶᠢᠲ᠋ᠠ ᠬᠥᠮᠥᠷᠭᠡ ᠶᠢ
  • ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠡᠳ᠋ ᠬᠥᠷᠥᠩᠭᠡ ᠶᠢᠨ ᠬᠥᠳᠡᠯᠦᠩᠭᠦᠶ
  • ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃
  •   ᠱᠢᠯᠵᠢᠭᠦᠯᠵᠦ ᠨᠡᠢᠲᠡᠯᠡᠬᠦ᠄ ᠱᠢᠯᠵᠢᠭᠦᠯᠵᠦ ᠪᠣᠯᠣᠱᠢ ᠦᠭᠡᠢ ᠲᠡᠦᠬᠡ ᠶᠢᠨ ᠳᠤᠷᠠᠰᠭᠠᠯᠲᠤ ᠵᠦᠢᠯ ᠢ ᠮᠠᠭᠠᠳᠯᠠᠨ
  • ᠲᠣᠭᠲᠠᠭᠠᠵᠤ ᠨᠡᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠳᠠᠩᠰᠠᠯᠠᠵᠤ
  • ᠨᠡᠢᠲᠡᠯᠡᠬᠦ ᠳᠡᠰ ᠳᠠᠷᠠᠭᠠᠯᠠᠯ ᠢ ᠵᠢᠷᠤᠮᠵᠢᠭᠤᠯᠵᠤ᠂ ᠨᠡᠷᠡᠰ ᠤᠨ ᠵᠢᠭᠰᠠᠭᠠᠯᠲᠠ ᠶᠢ ᠨᠡᠢᠲᠡᠯᠡᠬᠦ ᠰᠢᠰᠲ᠋ᠤᠮ ᠢ
  • ᠪᠦᠷᠢᠨᠰᠢᠭᠦᠯᠦᠨ᠎ᠡ᠃
  •   ᠬᠠᠮᠢᠶᠠᠷᠴᠤ ᠬᠠᠮᠠᠭᠠᠯᠠᠬᠤ᠄ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠢ
  • ᠬᠠᠮᠠᠭᠠᠯᠠᠵᠤ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠶ
  • ᠵᠦᠢᠯ ᠢᠶᠠᠷ ᠪᠠᠶᠢᠴᠠᠭᠠᠬᠤ᠂ ᠣᠷᠣᠨ ᠵᠠᠶ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠶ ᠪᠠᠷ ᠬᠢᠨᠠᠨ ᠬᠡᠮᠵᠢᠬᠦ ᠶᠢ
  • ᠬᠠᠷᠢᠯᠴᠠᠨ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ
  • ᠰᠢᠰᠲ᠋ᠧᠮᠵᠢ ᠶᠢ ᠪᠠᠶᠢᠭᠤᠯᠤᠨ᠎ᠠ᠃
  •   ᠡᠩᠨᠡᠭᠡ᠄ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ
  • ᠳᠤᠷᠠᠰᠬᠠᠯᠲᠤ ᠵᠦᠢᠯᠡᠰ ᠢ ᠬᠠᠮᠠᠭᠠᠯᠠᠬᠤ ᠡᠩᠨᠡᠭᠡ ᠶᠢ ᠪᠠᠶᠢᠭᠤᠯᠤᠨ᠂ ᠪᠦᠬᠦ ᠨᠡᠶᠢᠭᠡᠮ ᠤᠨ ᠲᠡᠦᠬᠡ ᠶᠢᠨ ᠳᠤᠷᠠᠰᠬᠠᠯᠲᠤ
  • ᠵᠦᠢᠯᠡᠰ ᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ᠎ᠡ᠃
  •   ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ ᠶᠠᠭᠤ ᠶᠢ
  • ᠪᠠᠶᠢᠴᠠᠭᠠᠬᠤ ᠪᠣᠶ︖
  •   ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ
  • ᠪᠣᠯ᠄
  •   ᠮᠠᠨ ᠤ ᠤᠯᠤᠰ ᠤᠨ ᠬᠢᠯᠢ ᠳᠣᠲᠣᠷᠠᠬᠢ ᠭᠠᠵᠠᠷ ᠳᠡᠭᠡᠷᠡᠬᠢ᠂ ᠭᠠᠵᠠᠷ ᠳᠣᠣᠷᠠᠬᠢ᠂ ᠤᠰᠤᠨ ᠳᠣᠣᠷᠠᠬᠢ
  • ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ᠃
  •   ᠨᠢᠭᠡᠨᠲᠡ ᠮᠠᠭᠠᠳᠯᠠᠨ ᠲᠤᠭᠲᠠᠭᠠᠭᠰᠠᠨ᠂ ᠳᠠᠩᠰᠠᠯᠠᠭᠰᠠᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ
  • ᠳᠤᠷᠠᠰᠬᠠᠯᠲᠤ ᠵᠦᠢᠯ ᠢ ᠳᠠᠬᠢᠨ ᠪᠠᠶᠢᠴᠠᠭᠠᠨ᠎ᠠ︔
  •   ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠢ
  • ᠪᠠᠶᠢᠴᠠᠭᠠᠬᠤ᠂ ᠦᠨᠡᠮᠰᠢᠬᠦ᠂ ᠳᠠᠩᠰᠠᠯᠠᠬᠤ ᠬᠡᠷᠡᠭᠲᠡᠶ᠃
  •   ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠨᠡᠶᠢᠳᠡᠮ
  • ᠪᠠᠶᠢᠴᠠᠭᠠᠯᠲᠠ ᠶᠢᠨ ᠠᠭᠤᠯᠭ᠎ᠠ ᠪᠣᠯ᠄
  •   ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠶ ᠶᠢᠨ ᠪᠠᠶᠢᠷᠢᠰᠢᠯ᠂ ᠬᠠᠮᠠᠭᠠᠯᠠᠯᠲᠠ ᠶᠢᠨ
  • ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠤᠨ ᠵᠢᠯ᠂ ᠡᠷᠬᠡ ᠶᠢᠨ ᠬᠠᠷᠢᠶ᠎ᠠ᠂
  • ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠬᠠᠮᠢᠶ᠎ᠠ ᠪᠦᠬᠦᠢ ᠪᠠᠶᠢᠳᠠᠯ᠃
  •   ᠡᠮᠦᠨ᠎ᠡ ᠭᠤᠷᠪᠠᠨ ᠤᠳᠠᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ
  • ᠪᠠᠶᠢᠴᠠᠭᠠᠨ ᠦᠵᠡᠬᠦ ᠳᠤ᠂ ᠪᠢᠳᠡᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠭᠤᠯᠤᠭᠳᠠᠬᠤᠨ᠂ ᠥᠷᠲᠡᠭ ᠤᠨ
  • ᠲᠤᠬᠠᠶ ᠲᠠᠨᠢᠯᠲᠠ ᠲᠠᠰᠤᠷᠠᠯᠲᠠ ᠥᠬᠡᠶ ᠭᠦᠨᠵᠡᠭᠡᠶᠢᠷᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠥᠷᠥᠯ
  • ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ ᠲᠡᠭᠦᠯᠳᠡᠷᠵᠢᠭᠦᠯᠪᠡ᠃ ᠤᠳᠠᠭ᠎ᠠ ᠪᠦᠷᠢ ᠶᠢᠨ ᠲᠡᠦᠬᠡ ᠶᠢᠨ
  • ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠨᠢ ᠴᠥᠮ ᠲᠡᠦᠬᠡ ᠶᠢᠨ ᠳᠤᠷᠠᠰᠬᠠᠯᠲᠤ ᠵᠦᠢᠯᠡᠰ ᠤᠨ
  • ᠠᠭᠤᠯᠤᠭᠳᠠᠬᠤᠨ ᠢ ᠪᠠᠶᠠᠯᠢᠭᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠲᠡᠭᠡᠳ ᠢ
  • ᠥᠷᠭᠡᠳᠬᠡᠵᠦ᠂ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠡᠦᠬᠡ ᠶᠢᠨ
  • ᠳᠤᠷᠠᠰᠬᠠᠯᠲᠤ ᠵᠦᠢᠯᠡᠰ ᠤᠨ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠪᠠ᠃ ᠳᠥᠷᠪᠡᠳᠦᠭᠡᠷ
  • ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ
  • ᠪᠣᠯ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠣᠷᠣᠬᠤ᠂ ᠬᠤᠳᠠ
  • ᠪᠠᠯᠭᠠᠰᠤᠵᠢᠯᠳᠠ ᠶᠢᠨ ᠲᠦᠷᠭᠡᠨ ᠬᠥᠭᠵᠢᠯᠲᠡ ᠶᠢᠨ ᠰᠡᠭᠦᠯᠴᠢ ᠶᠢᠨ ᠬᠤᠭᠤᠴᠠᠭ᠎ᠠ ᠠᠴᠠ ᠲᠠᠪᠴᠠᠩ ᠤᠨ
  • ᠬᠥᠭᠵᠢᠯᠲᠡ ᠶᠢᠨ ᠬᠤᠭᠤᠴᠠᠭ᠎ᠠ ᠲᠡᠰᠢ ᠰᠢᠯᠵᠢᠬᠦ ᠴᠠᠭ ᠦᠶ᠎ᠡ ᠶᠢᠨ ᠣᠨᠴᠠᠯᠢᠭ ᠲᠤ ᠰᠠᠭᠤᠷᠢᠯᠠᠵᠤ᠂ ᠰᠢᠨ᠎ᠡ ᠴᠠᠭ
  • ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠱᠠᠭᠠᠷᠳᠠᠯᠭ᠎ᠠ ᠳᠤ ᠰᠠᠭᠤᠷᠢᠯᠠᠭᠰᠠᠨ ᠴᠢᠬᠤᠯᠠ
  • ᠠᠵᠢᠯᠯᠠᠭ᠎ᠠ ᠪᠣᠯᠤᠨ᠎ᠠ᠃ ᠡᠶᠢᠮᠦ ᠠᠴᠠ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ᠂ ᠠᠵᠢᠯ ᠦᠢᠯᠡᠰ ᠤᠨ
  • ᠬᠥᠭᠵᠢᠯᠲᠡ ᠶᠢᠨ ᠬᠡᠷᠡᠭᠴᠡᠭᠡ ᠪᠣᠯ ᠠᠷᠠᠳ ᠣᠯᠠᠨ ᠤ ᠬᠦᠰᠡᠯ ᠡᠷᠡᠮᠡᠯᠵᠡᠯ ᠮᠥᠨ ᠴᠦ ᠪᠢᠳᠡ ᠴᠥᠮ ᠳᠥᠷᠪᠡᠳᠦᠭᠡᠷ
  • ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ
  • ᠴᠢᠬᠤᠯᠠᠲᠠᠢ ᠶᠤᠮ᠃
 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号