ᠬᠠᠷᠠᠴᠢᠨ ᠵᠠᠰᠠᠭ ᠠᠯᠪᠠᠨ ᠲᠠᠷᠬᠠᠭᠠᠭᠰᠠᠨ ︹2024︺ ᠳ᠋ᠤᠭᠠᠷ ᠲᠣᠭᠠᠲᠤ | ᠬᠠᠷᠠᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ | ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ | ᠮᠡᠳᠡᠭᠳᠡᠯ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ | ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠭᠤᠷᠪᠠᠳᠤᠭᠠᠷ ᠤᠳᠠᠭᠠᠨ ᠤ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ | ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯ ᠤᠨ ᠬᠤᠭᠤᠴᠠᠭᠠᠨ ᠳᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ 49 | ᠬᠤᠪᠢ ᠰᠠᠨᠠᠭᠤᠯᠭ᠎ᠠ ᠪᠠ ᠰᠠᠨᠠᠯ ᠳᠤᠷᠠᠳᠤᠯᠭ᠎ᠠ 63 ᠬᠤᠪᠢ ᠳᠤᠷᠠᠳᠪᠠ᠃ ᠡᠲᠡᠭᠡᠷ ᠰᠠᠨᠠᠭᠤᠯᠭ᠎ᠠ ᠪᠠ ᠰᠠᠨᠠᠯ | ᠳᠤᠷᠠᠳᠤᠯᠭ᠎ᠠ ᠨᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠠᠬᠤᠶᠢᠴᠢ | ᠴᠢᠨᠠᠷ ᠲᠠᠢ ᠶᠤᠮ᠃ ᠰᠠᠨᠠᠭᠤᠯᠭ᠎ᠠ ᠪᠠ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠦᠨᠡᠨᠬᠦ ᠰᠠᠶᠢᠲᠤᠷ ᠬᠢᠬᠦ ᠶᠢᠨ | ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ | ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠭᠦᠢᠴᠡᠳᠬᠡᠬᠦ ᠠᠵᠢᠯ ᠪᠣᠯ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠬᠦ ᠪᠠ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠭᠦᠢᠴᠡᠳᠬᠡᠬᠦ | ᠴᠢᠬᠤᠯᠠ ᠬᠡᠯᠪᠡᠷᠢ ᠮᠥᠨ᠃ ᠰᠠᠨᠠᠭᠤᠯᠭ᠎ᠠ ᠪᠠ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ | ᠬᠢᠬᠦ ᠪᠣᠯ ᠬᠤᠰᠢᠭᠤᠨ ᠤ ᠵᠠᠰᠠᠭ ᠤᠨ ᠣᠷᠳᠣᠨ ᠵᠢᠴᠢ ᠡᠯ᠎ᠡ ᠠᠵᠢᠯ ᠤᠨ ᠰᠠᠯᠠᠭ᠎ᠠ ᠮᠥᠴᠢᠷ ᠤᠨ ᠡᠷᠬᠡᠪᠰᠢ | ᠭᠦᠢᠴᠡᠳᠬᠡᠬᠦ ᠬᠡᠷᠡᠭᠲᠡᠶ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠮᠥᠨ᠃ ᠬᠤᠰᠢᠭᠤᠨ ᠤ ᠵᠠᠰᠠᠭ ᠤᠨ | ᠣᠷᠳᠣᠨ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠭᠤᠣᠯ ᠬᠠᠷᠢᠭᠤᠴᠠᠯᠭ᠎ᠠ ᠡᠭᠦᠷᠭᠡᠯᠡᠵᠦ᠂ ᠵᠥᠪᠯᠡᠯᠭᠡ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ | ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠲᠥᠰᠦᠯ ᠢᠶᠠᠨ | ᠨᠠᠷᠢᠯᠢᠬᠵᠢᠭᠤᠯᠤᠨ᠂ ᠨᠡᠪᠲᠡᠷᠡᠯᠴᠡᠨ ᠬᠠᠮᠵᠢᠯᠴᠠᠬᠤ ᠵᠦᠢᠯ᠂ ᠪᠠᠶᠢᠴᠠᠭᠠᠨ ᠰᠤᠳᠤᠯᠬᠤ᠂ ᠰᠢᠮᠳᠠᠭᠤᠯᠤᠨ ᠪᠠᠶᠢᠴᠠᠭᠠᠬᠤ | ᠵᠡᠷᠭᠡ ᠠᠵᠢᠯ ᠤᠨ ᠳᠦᠷᠢᠮ ᠢᠶᠠᠨ ᠲᠡᠭᠦᠯᠳᠡᠷᠵᠢᠭᠦᠯᠵᠦ᠂ ᠰᠢᠢᠳᠪᠦᠷᠢᠯᠡᠬᠦ ᠡᠭᠦᠷᠭᠡ ᠪᠠᠨ ᠴᠢᠨᠠᠷ ᠰᠠᠶᠢᠲᠠᠢ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠷ᠂ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ | ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠣᠶᠢᠷ᠎ᠠ ᠶᠢᠨ ᠵᠢᠯ ᠤᠨ ᠲᠤᠷᠰᠢᠬᠢ ᠰᠢᠢᠳᠪᠦᠷᠢᠯᠡᠬᠦ | ᠠᠵᠢᠯ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠬᠢᠨᠠᠮᠠᠭᠠᠶ ᠳ᠋ᠦᠩᠨᠡᠵᠦ᠂ ᠲᠥᠯᠥᠭᠡᠯᠡᠭᠴᠢ᠂ | ᠭᠡᠰᠢᠭᠦᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ᠂ ᠰᠢᠢᠳᠪᠦᠷᠢᠯᠡᠬᠦ ᠨᠥᠬᠦᠴᠡᠯ ᠲᠠᠢ ᠰᠠᠨᠠᠭᠤᠯᠭ᠎ᠠ | ᠪᠠ ᠳᠤᠷᠠᠳᠤᠯᠭ᠎ᠠ ᠪᠦᠬᠦᠨ ᠢ ᠬᠢᠨᠠᠮᠠᠭᠠᠶ ᠰᠢᠢᠳᠪᠦᠷᠢᠯᠡᠵᠦ᠂ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠶ︔ ᠬᠠᠤᠯᠢ | ᠴᠠᠭᠠᠵᠠ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠦᠭᠡᠶ ᠪᠤᠶᠤ ᠪᠣᠳᠠᠲᠤ ᠬᠡᠷᠡᠭ ᠲᠠᠢ ᠨᠢ | ᠵᠥᠷᠢᠶ᠎ᠡ ᠲᠠᠢ ᠪᠠᠶᠢᠬᠤ᠂ ᠲᠦᠷ ᠴᠠᠭ ᠰᠢᠢᠳᠪᠦᠷᠢᠯᠡᠬᠦ ᠳᠤ ᠪᠡᠷᠬᠡᠲᠡᠶ ᠰᠠᠨᠠᠭᠤᠯᠭ᠎ᠠ ᠪᠠ ᠳᠤᠷᠠᠳᠤᠯᠭ᠎ᠠ ᠶᠢ ᠪᠣᠯ | ᠲᠥᠯᠥᠭᠡᠯᠡᠭᠴᠢ᠂ ᠭᠡᠰᠢᠭᠦᠨ ᠳᠤ ᠦᠨᠡᠨ ᠢ ᠪᠠᠷᠢᠮᠲᠠᠯᠠᠨ ᠤᠤᠯ ᠤᠨ ᠭᠡᠰᠢᠭᠦᠨ ᠳᠤ ᠲᠣᠳᠣᠷᠬᠠᠶᠢᠯᠠᠬᠤ ᠬᠡᠷᠡᠭᠲᠡᠶ᠃ | ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠨᠢ ᠭᠤᠤᠯᠳᠠᠯᠭ᠎ᠠ ᠲᠠᠢ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ | ᠰᠢᠮᠳᠠᠭᠤᠯᠤᠨ ᠭᠦᠢᠴᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠤ ᠰᠢᠢᠳᠪᠦᠷᠢᠯᠡᠬᠦ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ | ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ | ᠪᠠᠲᠤᠯᠠᠨ᠎ᠠ᠃ | ᠭᠤᠷᠪᠠ᠂ ᠪᠡᠶᠡᠯᠡᠭᠦᠯᠬᠦ ᠴᠠᠭ ᠤᠨ ᠬᠢᠵᠠᠭᠠᠷ ᠢ ᠴᠢᠩᠳᠠᠯᠠᠨ᠎ᠠ | ᠡᠯ᠎ᠡ ᠨᠢᠭᠡᠴᠡ ᠶᠢᠨ ᠳᠠᠭᠠᠭᠠᠨ ᠠᠪᠴᠤ ᠰᠢᠢᠳᠪᠦᠷᠢᠯᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠢ 7 ᠳ᠋ᠤᠭᠠᠷ ᠰᠠᠷ᠎ᠠ ᠶᠢᠨ | 15 ᠤ ᠡᠳᠦᠷ ᠠᠴᠠ ᠡᠮᠦᠨ᠎ᠡ ᠪᠡᠶᠡᠯᠡᠭᠦᠯᠵᠦ᠂ ᠣᠯᠠᠨ ᠨᠢᠭᠡᠴᠡ ᠶᠢᠨ ᠰᠢᠳᠪᠦᠷᠢᠯᠡᠯᠲᠡ ᠳᠤ ᠬᠤᠯᠪᠣᠭᠳᠠᠬᠤ | ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠬᠠᠪᠰᠤᠷᠤᠨ ᠭᠦᠢᠴᠡᠳᠭᠡᠬᠦ ᠨᠢᠭᠡᠴᠡ ᠢᠳᠡᠪᠬᠢᠲᠡᠶ ᠬᠠᠮᠵᠢᠯᠴᠠᠵᠤ᠂ ᠭᠤᠤᠯᠯᠠᠨ | ᠡᠷᠭᠢᠯᠡᠭᠰᠡᠨ ᠨᠢᠭᠡᠴᠡ ᠨᠦᠭᠦᠳ ᠬᠠᠪᠰᠤᠷᠤᠨ ᠭᠦᠢᠴᠡᠳᠭᠡᠬᠦ ᠨᠢᠭᠡᠴᠡ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ | ᠵᠥᠪᠳᠡᠯᠴᠡᠵᠦ᠂ ᠵᠣᠯᠭᠠᠭᠤᠯᠬᠤ ᠶᠢᠨ ᠬᠠᠮᠲᠤ ᠬᠤᠯᠪᠣᠭᠳᠠᠯ ᠪᠥᠬᠦᠶ ᠰᠠᠨᠠᠯ ᠢ ᠬᠤᠷᠢᠶᠠᠩᠭᠤᠶᠢᠯᠠᠭᠠᠳ ᠲᠥᠯᠥᠭᠡᠯᠡᠭᠴᠢ | ᠂ ᠭᠡᠰᠢᠭᠦᠨ ᠳᠤ ᠬᠠᠷᠢᠭᠤᠯᠲᠠ ᠥᠭᠬᠦ ᠬᠡᠷᠡᠭᠲᠡᠶ᠃ ᠭᠦᠢᠴᠡᠳᠬᠡᠭᠰᠡᠨ ᠦᠷ᠎ᠡ ᠳ᠋ᠦᠩ ᠢ ᠲᠣᠰ ᠨᠢᠭᠡᠴᠡ ᠪᠤᠶᠤ ᠣᠯᠠᠨ | ᠨᠢᠭᠡᠴᠡ ᠶᠢᠨ ᠬᠠᠮᠲᠤᠷᠠᠭᠰᠠᠨ ᠵᠢᠩᠬᠢᠨᠢ ᠪᠢᠴᠢᠭ ᠮᠠᠲ᠋ᠧᠷᠢᠶᠠᠯ ᠢ ᠨᠢᠭᠡ ᠬᠡᠯᠪᠡᠷᠢ ᠶᠢᠨ ᠭᠤᠷᠪᠠᠨ ᠬᠤᠪᠢ ᠮᠡᠳᠡᠭᠦᠯᠦᠨ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ 4019 ᠲᠠᠰᠤᠭ ︵ᠬᠠᠷᠢᠯᠴᠠᠬᠤ ᠤᠲᠠᠰᠤ᠄ 0476 - | 3751220︶ ᠳᠤ ᠮᠡᠳᠡᠭᠦᠯᠦᠨ᠎ᠡ᠃ | 2024 ᠣᠨ ᠤ 5 ᠰᠠᠷ᠎ᠠ ᠶᠢᠨ 13 ᠤ ᠡᠳᠦᠷ |