ᠵᠣᠣ ᠶᠠᠨ ᠬᠤᠩ 2024 ᠣᠨ ᠤ ᠳᠥᠷᠪᠡᠳᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
ᠵᠣᠣ ᠶᠠᠨ ᠬᠤᠩ 2024 ᠣᠨ ᠤ ᠳᠥᠷᠪᠡᠳᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ  6 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ 2024 ᠣᠨ ᠤ ᠳᠥᠷᠪᠡᠳᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠢᠴᠢᠭᠲᠦ᠂ ᠸᠠᠩ ᠴᠢᠦ ᠶᠧ᠂ ᠢᠦᠶ ᠬᠤᠸᠠ ᠶᠠᠨ᠂ ᠵᠤᠸᠠᠩ ᠸᠧᠨ ᠳ᠋ᠢ᠂ ᠲᠢᠶᠠᠨ ᠬᠠᠶ ᠱᠧᠩ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠭᠤᠸᠠᠩ ᠵᠢᠶᠦ᠋ᠨ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃  ᠬᠤᠷᠠᠯ ᠠᠴᠠ ᠢᠯᠡᠷᠬᠡᠢᠯᠡᠭᠰᠡᠨ ᠨᠢ᠂ ᠯᠢᠦ ᠶᠢᠨ ᠭᠦᠸᠧ ᠨᠥᠬᠦᠷ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ︽ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︿ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠳᠡᠭᠡᠷ᠎ᠡ ᠬᠠᠭᠠᠰ ᠵᠢᠯ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠨᠠᠶᠢᠳᠠᠪᠤᠷᠢᠵᠢᠭᠤᠯᠤᠯᠲᠠ᠂ ᠮᠠ ᠠᠨ ᠱᠠᠨ ᠤ ᠰᠣᠶᠣᠯ ᠵᠤᠭᠠᠴᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠤ ᠪᠦᠳᠦᠭᠡᠨ ᠪᠠᠶᠢᠭᠤᠯᠤᠯᠲᠠ ᠵᠢᠴᠢ G16 ᠦᠨᠳᠦᠷ ᠬᠤᠷᠳᠤᠴᠠᠲᠦ ᠵᠠᠰᠠᠮᠠᠯ ᠵᠠᠮ ᠤᠨ ᠢᠨᠵᠧᠨᠧᠷᠢᠩ ᠵᠡᠷᠭᠡ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃  ᠬᠤᠷᠠᠯ ᠠᠴᠠ ᠴᠢᠩᠭᠠᠳᠬᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶᠠᠨ ᠤ ᠳᠡᠭᠡᠷ᠎ᠡ ᠠᠴᠠ ᠳᠣᠷᠣᠭᠰᠢ ᠲᠤᠬᠢᠷᠠᠭᠤᠯᠤᠨ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠣᠳᠣᠬᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠤᠬᠢᠷᠠᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠨᠢᠭᠡ ᠪᠦᠯᠦᠭ ᠤᠯᠠᠨ ᠲᠦᠮᠡᠨ ᠤ ᠳᠡᠷᠭᠡᠳᠡᠬᠢ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠤᠬᠠᠢ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠵᠠᠰᠠᠭ ᠤᠨ ᠣᠷᠳᠣᠨ ᠠᠴᠠ ᠠᠪᠴᠤ ᠬᠡᠯᠡᠪᠡᠯ᠂ ᠨᠢᠭᠡ ᠲᠠᠯ᠎ᠠ ᠪᠠᠷ᠂ ᠲᠤᠭ᠎ᠠ ᠬᠡᠮᠵᠢᠶ᠎ᠡ ᠶᠢ ᠬᠦᠴᠦᠯᠡᠨ ᠪᠠᠭᠠᠰᠬᠠᠵᠤ᠂ ᠬᠡᠯᠪᠡᠷᠢ ᠶᠢ ᠬᠥᠩᠭᠡᠪᠴᠢᠯᠡᠬᠦ ᠪᠠᠷ ᠬᠦᠴᠦᠯᠡᠵᠦ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠷᠠᠭᠤᠯᠵᠤ ᠥᠭᠬᠦ ᠬᠡᠷᠡᠭᠲᠡᠢ᠃ ᠨᠥᠭᠦᠭᠡ ᠲᠠᠯ᠎ᠠ ᠪᠠᠷ᠂ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠦᠨ᠂ ᠦᠨᠳᠦᠰᠦᠨ ᠱᠠᠲᠤᠨ ᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠬᠡᠷᠡᠭᠲᠡᠶ᠃  ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯ ᠮᠥᠷᠡᠨ ᠤ ᠳᠠᠷᠤᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠶᠢ ᠱᠠᠯᠠᠪᠳᠠᠭᠤᠯᠤᠨ ᠭᠤᠣᠯ ᠮᠥᠷᠡᠨ ᠤ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠪᠠᠨ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠬᠠᠷᠢᠭᠤᠴᠠᠯᠭ᠎ᠠ ᠶᠢ ᠰᠠᠯᠭᠠᠬᠤ ᠦᠭᠡᠢ᠂ ᠡᠭᠦᠷᠭᠡ ᠶᠢ ᠲᠠᠰᠤᠯᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯ ᠤᠨ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠤᠨ ᠵᠠᠮ ᠢ ᠡᠵᠡᠯᠡᠬᠦ᠂ ᠬᠠᠤᠯᠢ ᠪᠤᠰᠤ ᠪᠠᠷ ᠡᠯᠡᠰᠦ ᠮᠠᠯᠲᠠᠬᠤ᠂ ᠬᠤᠭ ᠨᠣᠪᠰᠢ ᠶᠢ ᠴᠢᠳᠬᠤᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠣᠯ ᠮᠥᠷᠡᠨ ᠪᠠ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠰᠤᠨ ᠳᠤ ᠬᠤᠯᠪᠣᠭᠳᠠᠬᠤ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠠᠭᠤᠯᠠᠨ ᠦᠶᠡᠷ ᠤᠨ ᠭᠠᠮᠰᠢᠭ᠂ ᠭᠤᠣᠯ ᠤᠨ ᠵᠠᠮ ᠤᠨ ᠬᠠᠰᠢᠯᠭ᠎ᠠ ᠳᠠᠯᠠᠩ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯᠲᠠᠢ ᠣᠷᠣᠨ ᠪᠦᠰᠡ ᠳᠤ ᠢᠯᠡᠷᠬᠡᠢ ᠲᠡᠮᠳᠡᠭ ᠲᠠᠯᠪᠢᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠦᠶᠡᠷ ᠢ ᠰᠡᠷᠭᠡᠶᠢᠯᠡᠬᠦ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠦᠶᠡᠷ ᠢ ᠰᠡᠷᠭᠡᠢᠯᠡᠬᠦ ᠠᠵᠢᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃  ᠬᠤᠷᠠᠯ ᠠᠴᠠ ᠱᠠᠭᠠᠷᠳᠠᠭᠰᠠᠨ ᠨᠢ ᠂ G16 ᠲᠦᠷᠭᠡᠨ ᠳᠠᠪᠬᠢᠬᠤ ᠵᠠᠰᠠᠮᠠᠯ ᠵᠠᠮ ᠤᠨ ᠳᠣᠷᠣᠭᠰᠢ ᠨᠡᠪᠲᠡᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠳᠤ ᠭᠠᠵᠠᠷ ᠰᠢᠷᠣᠢ ᠪᠣᠯᠤᠨ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠪᠣᠯᠤᠨ ᠵᠢᠷᠤᠮᠵᠢᠭᠰᠠᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠪᠣᠯᠤᠨ ᠢᠨᠵᠧᠨᠧᠷᠢᠩ ᠤᠨ ᠠᠮᠤᠷ ᠲᠦᠪᠰᠢᠨ ᠢ ᠡᠷᠡᠰ ᠪᠠᠲᠤᠯᠠᠵᠤ᠂ ᠠᠮᠤᠷ ᠲᠦᠪᠰᠢᠨ ᠢᠨᠵᠧᠨᠧᠷᠢᠩ᠂ ᠬᠡᠪ ᠳᠠᠭᠤᠷᠢᠶᠠᠯ ᠤᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ᠃  ᠬᠤᠷᠠᠯ ᠠᠴᠠ ᠡᠮᠦᠨ᠎ᠡ᠂ ᠵᠣᠣ ᠶᠠᠨ ᠬᠤᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠵᠢᠴᠢ 7 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠂ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠳᠤ ᠣᠷᠣᠯᠴᠠᠭᠰᠠᠳ ᠲᠠᠰ ᠳᠠᠷᠠᠭᠠᠯᠠᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢᠨ ᠬᠠᠮᠲᠤ ︽ᠭᠤᠷᠪᠠᠨ ᠴᠢᠬᠤᠯᠠ ᠨᠢᠭᠡ ᠶᠡᠭᠡ︾ ᠵᠦᠢᠯᠡᠰ ᠢ ᠬᠢᠨᠠᠨ ᠵᠥᠪᠯᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号