ᠹᠠᠩ ᠷᠦᠢ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/18
ᠹᠠᠩ ᠷᠦᠢ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ  6 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠡᠰᠡᠭ ᠰᠢᠶᠠᠩ ᠪᠠᠯᠭᠠᠰᠤᠨ ᠳᠤ ᠬᠦᠷᠴᠦ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠧᠩ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠢᠴᠢᠭᠲᠦ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠪᠠ᠃  ᠹᠠᠩ ᠷᠦᠢ ᠤᠷᠢᠳ ᠬᠤᠵᠢᠳ ᠰᠢ ᠴᠢᠶᠣᠣ ᠪᠠᠯᠭᠠᠰᠤᠨ ᠤ ᠡᠯ ᠳ᠋ᠤᠤ ᠢᠩᠽᠢ ᠲᠣᠰᠬᠤᠨ ᠤ ᠮᠦ ᠱᠢ ᠣᠳᠣᠬᠢᠴᠢᠯᠠᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠠᠷᠢᠨ ᠪᠠᠯᠭᠠᠰᠤ ᠶᠢᠨ ᠬᠤᠸᠠᠩ ᠵᠢᠨ ᠳ᠋ᠢ ᠲᠣᠰᠬᠤᠨ ᠤ ᠨᠠ ᠯᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ᠂ ᠨᠠ ᠯᠠᠨ ᠮᠢᠬᠠᠨ ᠤ ᠦᠢᠯᠡᠰ ᠤᠨ ᠨᠢᠲᠤᠯᠬᠤ ᠦᠢᠯᠡᠳᠪᠦᠷᠢ᠂ ᠨᠠᠷᠢᠨ ᠪᠠᠯᠭᠠᠰᠤ ᠶᠢᠨ ᠨᠠᠨ ᠴᠢ ᠵᠢᠶᠠ ᠲᠣᠰᠬᠤᠨ ᠤ ᠯᠢᠦ ᠭᠦᠸᠧ ᠸᠧᠢ ᠶᠢᠨ ᠡᠭᠦᠯᠳᠡᠷ ᠰᠠᠶᠢᠵᠢᠷᠠᠭᠤᠯᠬᠤ ᠴᠡᠭ᠂ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠴᠠᠩ ᠭᠤᠤ ᠲᠣᠰᠬᠤᠨ ᠤ ᠬᠤᠩ ᠳ᠋ᠠ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠹᠠᠩ ᠷᠦᠢ ᠲᠤᠬᠠᠢ ᠶᠢᠨ ᠲᠠᠯᠠᠪᠠᠢ ᠶᠢᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ᠂ ᠡᠭᠦᠯᠳᠡᠷ ᠢ ᠰᠠᠶᠢᠵᠢᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠲᠡᠵᠢᠭᠡᠯ ᠪᠣᠷᠳᠤᠭ᠎ᠠ ᠳᠠᠷᠢᠵᠤ ᠡᠳ᠋ᠰᠢᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  ᠹᠠᠩ ᠷᠦᠢ ᠵᠢᠭᠠᠵᠤ ᠭᠠᠷᠭᠠᠭᠰᠠᠨ ᠨᠢ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠬᠦ ᠨᠢ ᠪᠥᠬᠦ ᠬᠤᠰᠢᠭᠤᠨ ᠤ ᠭᠤᠤᠯᠯᠠᠬᠤ ᠠᠵᠤ ᠦᠢᠯᠡᠰ ᠢ ᠪᠤᠵᠠᠭᠠᠶᠢᠷᠠᠭᠤᠯᠬᠤ᠂ ᠪᠥᠬᠦ ᠬᠤᠰᠢᠭᠤᠨ ᠤ ᠠᠵᠢᠯ ᠣᠯᠭᠤᠯᠲᠠ ᠶᠢ ᠥᠷᠭᠡᠳᠬᠡᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠠᠯᠠᠰᠢᠨ ᠦᠬᠡᠷ ᠤᠨ ᠠᠵᠤ ᠦᠢᠯᠡᠰ ᠢ ᠪᠥᠬᠦ ᠬᠤᠰᠢᠭᠤᠨ ᠤ ᠭᠤᠤᠯᠯᠠᠬᠤ ᠠᠵᠤ ᠦᠢᠯᠡᠰ ᠪᠣᠯᠭᠠᠨ ᠠᠳᠬᠤᠬᠤ ᠶᠢ ᠪᠠᠷᠢᠮᠲᠠᠯᠠᠵᠤ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠠᠢ ᠃  ᠹᠠᠩ ᠷᠦᠢ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠰᠠᠶᠢᠨ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ ᠳᠤ ᠶᠡᠷᠦᠩᠬᠡᠶᠢᠯᠡᠭᠰᠡᠨ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠵᠡᠷᠭᠡ ᠲᠠᠯ᠎ᠠ ᠪᠠᠷ ᠬᠢ ᠯᠤᠲᠤ ᠶᠡᠭᠡ ᠳᠠᠪᠠᠭᠤᠯᠢᠭ ᠢ ᠭᠦᠢᠴᠡᠳ ᠲᠠᠨᠢᠵᠤ᠂ ︽ᠲᠠᠷᠠᠬᠠᠢ ᠪᠤᠲᠠᠷᠬᠠᠢ ᠦᠷᠡᠵᠢᠭᠦᠯᠬᠦ᠂ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ︾ ᠰᠡᠳᠬᠢᠴᠡ ᠶᠣᠰᠣᠭᠠᠷ᠂ ᠪᠦᠬᠦ ᠣᠷᠣᠨ ᠪᠦᠰᠡ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠡᠭᠦᠯᠳᠡᠷ ᠰᠠᠶᠢᠵᠢᠷᠠᠭᠤᠯᠬᠤ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠴᠢᠨᠠᠷ ᠰᠠᠶᠢᠲᠠᠶ ᠡᠭᠦᠯᠳᠡᠷ ᠤᠨ ᠦᠬᠡᠷ ᠤᠨ ᠭᠤᠤᠯ ᠣᠷᠣᠨ ᠢ ᠪᠥᠲᠥᠭᠡᠨ ᠪᠠᠶᠢᠭᠤᠯᠵᠤ᠂ ᠰᠠᠶᠢᠨ ᠡᠭᠦᠯᠳᠡᠷ ᠤᠨ ᠠᠯᠠᠰᠢᠨ ᠦᠬᠡᠷ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠬᠠᠷᠠᠴᠢᠨ ᠬᠤᠰᠢᠭᠤ ᠶᠢ ᠤᠯᠠᠭᠠᠨᠬᠠᠳᠠ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠠᠮᠤᠭ ᠤᠨ ᠶᠡᠭᠡ ᠴᠢᠨᠠᠷ ᠰᠠᠶᠢᠲᠠᠶ ᠡᠬᠡ ᠮᠠᠯ ᠤᠨ ᠬᠠᠩᠭᠠᠯᠭ᠎ᠠ ᠶᠢᠨ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠃ ᠡᠭᠦᠯᠳᠡᠷ ᠰᠠᠶᠢᠵᠢᠷᠠᠭᠤᠯᠤᠭᠴᠢ᠂ ᠬᠢᠵᠢᠭ ᠰᠡᠷᠭᠡᠶᠢᠯᠡᠭᠴᠢ ᠶᠢᠨ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠯᠠᠰᠢᠨ ᠦᠬᠡᠷ ᠤᠨ ᠢᠴᠡᠭᠡᠯ ᠦᠷ᠎ᠡ ᠶᠢᠨ ᠪᠣᠷᠣᠯᠠᠭᠤᠯᠭ᠎ᠠ ᠶᠢᠨ ᠳᠠᠩᠰᠠᠯᠠᠭᠤᠯᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠢᠷᠡᠬᠦ ᠵᠠᠮ ᠲᠣᠳᠣᠷᠬᠠᠶ ᠥᠬᠡᠶ ᠢᠴᠡᠭᠡᠯ ᠦᠷ᠎ᠡ ᠶᠢ ᠳᠤᠷ᠎ᠠ ᠪᠠᠷ ᠢᠶᠠᠨ ᠬᠤᠳᠠᠯᠳᠤᠨ ᠠᠪᠬᠤ ᠪᠠ ᠬᠡᠷᠡᠭᠯᠡᠬᠦ᠂ ᠬᠤᠳᠠᠯ ᠬᠠᠭᠤᠷᠮᠠᠭ ᠢᠶᠠᠷ ᠤᠬᠠᠭᠤᠯᠵᠤ ᠰᠠᠷᠢᠭᠠᠯᠠᠬᠤ ᠵᠡᠷᠭᠡ ᠠᠯᠠᠰᠢᠨ ᠦᠬᠡᠷ ᠤᠨ ᠢᠴᠡᠭᠡᠯ ᠦᠷ᠎ᠡ ᠶᠢᠨ ᠵᠠᠬ᠎ᠠ ᠳᠡᠯᠭᠡᠭᠦᠷ ᠢ ᠰᠠᠮᠠᠭᠤᠷᠠᠭᠤᠯᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠪᠠᠷᠢᠯᠭ᠎ᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠ ᠵᠣᠬᠢᠴᠠᠭᠤᠯᠬᠤ ᠦᠢᠯᠡᠴᠢᠯᠡᠭᠡ ᠶᠢ ᠴᠢᠩᠭᠠᠳᠬᠠᠵᠤ᠂ ᠠᠯᠠᠰᠢᠨ ᠦᠬᠡᠷ ᠤᠨ ᠠᠵᠤ ᠦᠢᠯᠡᠰ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠳᠬᠠᠵᠤ᠂ ᠨᠢᠭᠡ ᠪᠦᠯᠦᠭ ᠠᠯᠠᠰᠢᠨ ᠦᠬᠡᠷ ᠡᠳ᠋ᠰᠢᠭᠦᠯᠦᠨ ᠢᠵᠢ ᠪᠥᠷᠢᠳᠦᠭᠦᠯᠬᠦ ᠠᠵᠤ ᠠᠬᠤᠶᠢᠯᠠᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠠᠰᠤᠷᠠᠯᠲᠠ ᠥᠬᠡᠶ ᠨᠥᠬᠦᠪᠥᠷᠢᠯᠡᠵᠦ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠠᠯᠠᠰᠢᠨ ᠦᠬᠡᠷ ᠤᠨ ᠠᠵᠤ ᠦᠢᠯᠡᠰ ᠢ ᠦᠨᠡᠨ ᠬᠦ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠭᠤᠤᠯᠯᠠᠬᠤ ᠠᠵᠤ ᠦᠢᠯᠡᠰ ᠪᠣᠯᠭᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号