6 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ | ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 62 ᠳ᠋ᠤᠭᠠᠷ | ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠠᠮᠢᠶ᠎ᠠ ᠪᠥᠬᠦᠶ ᠭᠠᠵᠠᠷ ᠤᠨ ᠲᠠᠰ ᠤᠨ | ᠤᠳᠤᠷᠢᠳᠤᠯᠭ᠎ᠠ ᠰᠤᠯᠠ ᠣᠷᠣᠯᠴᠠᠵᠤ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ | ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃ | ᠬᠤᠷᠠᠯ ᠠᠴᠠ 5 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ | ᠰᠢ ᠶᠢᠨ ᠫᠢᠩ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ | 2024 ᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠰᠢᠭᠤᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠵᠢᠴᠢ ᠬᠥᠳᠡᠭᠡ | ᠲᠣᠰᠬᠤᠨ ᠤ ᠵᠠᠰᠠᠮᠠᠯ ᠵᠠᠮ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ | ᠰᠣᠨᠣᠰᠪᠠ᠃ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ︽ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠮᠡᠳᠡᠭᠳᠡᠯ︾ | ᠪᠠ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ | ᠲᠤᠭᠤᠰᠢᠯᠠᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ᠂ ︽ᠪᠥᠬᠦ ᠤᠯᠤᠰ ᠤᠨ ᠠᠯᠪᠠᠲᠠᠨ ᠤ | ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2024 - 2028︶ ᠶᠢᠨ ᠮᠡᠳᠡᠭᠳᠡᠯ︾ | ᠤᠨ ᠵᠣᠷᠢᠭ ᠰᠠᠨᠠᠭ᠎ᠠ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠯᠪᠠᠨ ᠲᠢᠩᠬᠢᠮ ᠤᠨ ︿ᠪᠦᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ | ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵2024 — | 2026 ᠣᠨ︶﹀ ᠶᠢ ᠳᠠᠷᠤᠮᠠᠯᠯᠠᠨ ᠲᠠᠷᠬᠠᠭᠠᠬᠤ ᠮᠡᠳᠡᠭᠳᠡᠯ︾᠂ ᠰᠦᠨ ᠱᠤᠤ ᠴᠧᠩ ᠨᠥᠬᠦᠷ ᠤᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠨᠠᠮ ᠤᠨ | ᠰᠤᠷᠭᠠᠭᠤᠯᠢ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠢ ᠰᠢᠯᠢᠳᠡᠭᠵᠢᠭᠦᠯᠬᠦ ᠲᠤᠬᠠᠢ ᠪᠠᠶᠢᠴᠠᠭᠠᠯᠲᠠ ᠪᠠ ᠪᠣᠳᠣᠯᠬᠢᠯᠠᠯ | ᠪᠠ ᠪᠦᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠰᠦᠨ ᠱᠤᠤ ᠴᠧᠩ ᠱᠦᠵᠢ᠂ ᠲᠡᠷᠢᠭᠦᠯᠡᠭᠴᠢ ᠶᠢᠨ ᠤᠯᠠᠭᠠᠨᠬᠠᠳᠠ | ᠬᠤᠳᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ᠂ ᠯᠢ ᠰᠢ ᠨᠥᠬᠦᠷ ᠤᠨ ᠪᠦᠬᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶ᠎ᠠ ᠪᠠ ᠯᠢᠦ ᠶᠢᠨ ᠭᠦᠸᠧ ᠨᠥᠬᠦᠷ ᠤᠨ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ | ᠲᠥᠪ ᠬᠤᠷᠢᠶ᠎ᠠ ᠪᠣᠯᠤᠨ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ | ᠮᠠᠨ ᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ | ᠳᠤᠮᠳᠠ ᠬᠡᠰᠡᠭ ᠤᠨ ᠭᠠᠵᠠᠷ ᠣᠷᠣᠨ ᠵᠢᠴᠢ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠵᠡᠷᠭᠡ ᠬᠥᠭᠵᠢᠭᠰᠡᠨ ᠭᠠᠵᠠᠷ ᠣᠷᠣᠨ ᠲᠠᠢ | ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠯᠠᠨ ᠬᠦᠷᠢᠶ᠎ᠡ ᠴᠠᠷᠠᠭ᠎ᠠ᠂ ᠣᠯᠠᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠥᠷᠨᠢᠭᠦᠯᠵᠦ᠂ ᠨᠠᠷᠢᠨ ᠬᠢᠨᠠᠮᠠᠭᠠᠶ ᠲᠥᠰᠦᠪᠯᠡᠨ᠂ ᠬᠠᠨᠳᠤᠯᠭᠠᠲᠤ ᠴᠢᠨᠠᠷᠲᠠᠢ ᠪᠠᠷ ᠠᠷᠠᠯᠵᠢᠶᠠᠴᠢᠨ | ᠤᠷᠢᠵᠤ ᠲᠠᠨᠢᠯᠴᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ | ᠣᠯᠬᠤ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ᠂ ᠵᠠᠰᠠᠭ ᠤᠨ ᠣᠷᠳᠣᠨ ᠠᠴᠠ ᠠᠵᠢᠯ | ᠣᠯᠭᠤᠯᠲᠠ ᠶᠢ ᠠᠬᠢᠭᠤᠯᠬᠤ ᠪᠠ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠴᠢᠭᠯᠡᠯᠲᠡ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠪᠠ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠯᠭᠠᠭᠤᠷᠢᠯᠠᠯ | ᠬᠠᠩᠭᠠᠬᠤ ᠬᠡᠷᠡᠭᠲᠡᠶ᠃ ᠮᠠ ᠠᠨ ᠱᠠᠨ ᠵᠠᠮ ᠤᠨ ᠭᠠᠳᠠᠭᠰᠢ ᠰᠢᠯᠵᠢᠯᠲᠡ᠂ ᠸᠠᠩ ᠤᠨ ᠬᠤᠷᠤᠭ᠎ᠠ ᠶᠢᠨ ᠹᠦ᠋ ᠹᠦ᠋ | ᠵᠠᠰᠠᠮᠠᠯ ᠵᠠᠮ᠂ ᠯᠠ ᠽᠢ ᠭᠧᠦ ᠠᠴᠠ ᠪᠠᠢ ᠲᠠᠢ ᠭᠸᠤ ᠬᠦᠷᠬᠦ ᠵᠡᠷᠭᠡ ᠵᠠᠮ ᠤᠨ ᠪᠦᠳᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠴᠢᠩᠭᠠᠳᠬᠠᠵᠤ᠂ ᠭᠡᠮ ᠰᠣᠭᠤᠭ ᠠᠶᠤᠯᠲᠠᠢ ᠤᠰᠤᠨ ᠵᠠᠮ ᠤᠨ ᠬᠡᠰᠡᠭ ᠢ ᠰᠡᠯᠪᠢᠨ ᠵᠠᠰᠠᠵᠤ ᠪᠠᠬᠢᠵᠢᠭᠦᠯᠬᠦ | ᠪᠠ ᠥᠭᠡᠷᠡᠴᠢᠯᠡᠨ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ | ᠪᠣᠯᠤᠨ ᠪᠠᠶᠢᠭᠠᠯᠢ ᠶᠢᠨ ᠨᠥᠬᠦᠴᠡᠯ ᠯᠦᠭᠡ ᠵᠣᠬᠢᠴᠠᠭᠰᠠᠨ ᠣᠳᠣᠬᠢᠴᠢᠯᠠᠭᠰᠠᠨ ᠬᠥᠳᠡᠭᠡ ᠲᠣᠰᠬᠤᠨ ᠤ ᠵᠠᠮ | ᠲᠡᠭᠡᠭᠡᠪᠦᠷᠢ ᠶᠢᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠠᠵᠤ ᠠᠬᠤᠶ ᠶᠢᠨ ᠬᠥᠭᠵᠢᠯᠲᠡ ᠶᠢ ᠦᠨᠡᠨ ᠬᠦ | ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ | ᠠᠭᠤᠳᠠᠯᠵᠤ᠂ ᠰᠢᠨ᠎ᠡ ᠨᠢᠭᠡ ᠡᠭᠡᠯᠵᠢ ᠶᠢᠨ ᠠᠭᠤᠷᠬᠠᠶ ᠶᠢ ᠡᠷᠢᠵᠦ ᠰᠢᠪᠲᠤᠯᠬᠤ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠠᠶᠤᠯᠭᠦᠶ ᠦᠢᠯᠡᠳᠪᠦᠷᠢᠯᠡᠯ ᠪᠠ ᠨᠡᠶᠢᠭᠡᠮ ᠤᠨ ᠲᠣᠭᠲᠠᠭᠤᠨ ᠤ ᠠᠵᠢᠯ ᠢ ᠯᠠᠪᠳᠠᠭᠤᠨ ᠪᠠᠲᠤᠲᠠᠶ | ᠪᠥᠭᠡᠳ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠢᠨ ᠡᠯ᠎ᠡ ᠭᠤᠭᠴᠤᠭ᠎ᠠ ᠶᠢᠨ ᠰᠤᠷᠤᠯᠴᠠᠯᠭ᠎ᠠ ᠶᠢᠨ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ | ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ | ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠯᠪᠠᠲᠠᠨ ᠤ ᠡᠩᠨᠡᠭᠡ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠨᠠᠰᠤᠨ ᠤ ᠱᠠᠲᠤᠨ ᠤ ᠺᠠᠳ᠋ᠷ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠡᠷᠡᠭᠯᠡᠬᠦ ᠬᠡᠷᠡᠭᠲᠡᠢ᠃ ᠨᠠᠮ ᠤᠨ ᠰᠤᠷᠭᠠᠭᠤᠯᠢ ᠶᠢᠨ ᠡᠭᠦᠷᠭᠡ ᠴᠢᠳᠠᠪᠬᠢ ᠶᠢᠨ ᠪᠠᠶᠢᠷᠢ | ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠪᠡᠶᠡᠯᠡᠭᠦᠯᠬᠦ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠡᠴᠦᠰ ᠲᠤᠨᠢ ᠲᠤᠯᠲᠠᠯ᠎ᠠ ᠠᠳᠬᠤᠵᠤ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | |