ᠵᠤᠸᠠᠩ ᠸᠧᠨ ᠳ᠋ᠢ
ᠨᠡᠶᠢᠲᠡᠯᠡᠭᠰᠡᠨ ᠴᠠᠭ᠄
2024/6/20
庄文迪2_副本.png
    ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ ᠵᠤᠸᠠᠩ ᠸᠧᠨ ᠳ᠋ᠢ᠂ ᠡᠮᠡᠭᠲᠡᠢ᠂ ᠮᠣᠩᠭᠤᠯ ᠦᠨᠳᠦᠰᠦᠲᠡᠨ᠂ 1987 ᠣᠨ ᠤ 10 ᠰᠠᠷ᠎ᠠ ᠳᠤ ᠲᠦᠷᠦᠵᠠᠢ᠃ 2009 ᠣᠨ ᠤ 7 ᠰᠠᠷ᠎ᠠ ᠳᠤ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠠᠮᠢᠲᠠᠨ ᠤ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠴᠡᠶ︔ 2016 ᠣᠨ ᠤ 1 ᠰᠠᠷ᠎ᠠ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠴᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃   ᠬᠤᠰᠢᠭᠤᠨ ᠳᠠᠷᠤᠭ᠎ᠠ ᠶᠢ ᠬᠠᠮᠵᠢᠨ ᠠᠷᠠᠳ ᠤᠨ ᠶᠠᠪᠤᠳᠠᠯ᠂ ᠨᠡᠶᠢᠭᠡᠮ ᠲᠣᠭᠤᠷᠢᠭ ᠤᠨ ᠵᠠᠰᠠᠯᠲᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠤᠳᠠᠯᠳᠤᠭᠠᠨ ᠤ ᠶᠠᠪᠤᠳᠠᠯ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠤᠯᠠᠭᠠᠨᠬᠠᠳᠠ ᠪᠠ ᠠᠮᠧᠷᠢᠺᠠ ᠶᠢᠨ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ︵ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠂ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃   ᠬᠤᠰᠢᠭᠤᠨ ᠤ ᠰᠢᠤᠳᠠᠨ ᠤ ᠬᠤᠪᠢᠶᠠᠷᠢ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠲᠠᠢ ᠬᠠᠷᠢᠯᠴᠠᠨ᠎ᠠ᠃   ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号