ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠳᠤᠷᠢᠳᠤᠯᠭ᠎ᠠ ᠮᠠᠨ ᠤ ᠬᠤᠰᠢᠭᠤᠨ ᠳᠤ ᠢᠷᠡᠵᠦ ᠳᠥᠷᠪᠡᠨ ᠱᠠᠲᠤᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠬᠠᠮᠲᠤᠷᠠᠭᠰᠠᠨ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/21
  6 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠵᠤᠷᠭᠠᠨ ᠤ ᠳᠠᠷᠤᠭ᠎ᠠ ᠲᠠᠩ ᠸᠧᠶ ᠸᠧᠶ ᠨᠡᠷ ᠮᠠᠨ ᠤ ᠬᠤᠰᠢᠭᠤᠨ ᠳᠤ ᠢᠷᠡᠵᠦ ᠳᠥᠷᠪᠡᠨ ᠱᠠᠲᠤᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠬᠠᠮᠲᠤᠷᠠᠭᠰᠠᠨ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠢᠶᠠᠨ ᠰᠢᠨ ᠷᠦ᠋᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠭᠠᠵᠠᠷ ᠤᠨ ᠳᠠᠷᠤᠭ᠎ᠠ ᠯᠢ ᡁᠢ ᠫᠧᠩ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃  ᠲᠠᠩ ᠸᠧᠶ ᠸᠧᠶ ᠮᠠᠨ ᠤ ᠬᠤᠰᠢᠭᠤᠨ ᠤ ᠸᠠᠩ ᠶᠧ ᠹᠦ᠋ ᠪᠠᠯᠭᠠᠰᠤᠨ ᠤ ᠠᠷᠢᠭᠤᠨ ᠴᠢᠬᠡᠴᠢ ᠰᠣᠶᠣᠯ ᠤᠨ ᠦᠵᠡᠭᠦᠯᠦᠯᠭᠡ ᠶᠢᠨ ᠣᠷᠳᠣᠨ ᠳᠤ ᠬᠦᠷᠴᠦ ᠰᠣᠯᠢᠯᠴᠠᠨ ᠰᠤᠷᠤᠯᠴᠠᠵᠤ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠥᠷᠪᠡᠨ ᠱᠠᠲᠤᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠬᠠᠮᠲᠤᠷᠠᠭᠰᠠᠨ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃  ᠲᠠᠩ ᠸᠧᠶ ᠸᠧᠶ ᠵᠢᠭᠠᠵᠤ ᠭᠠᠷᠭᠠᠭᠰᠠᠨ ᠨᠢ᠂ ᠲᠤᠭ᠎ᠠ ᠪᠦᠷᠢᠳᠬᠡᠯ ᠤᠨ ᠠᠵᠢᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠴᠢᠨᠠᠷᠲᠠᠶ᠂ ᠰᠠᠭᠤᠷᠢ ᠴᠢᠨᠠᠷᠲᠠᠶ ᠠᠵᠢᠯ ᠮᠥᠨ᠂ ᠪᠠᠰᠠ ᠴᠤ ᠬᠤᠷᠸ᠎ᠠ ᠬᠠᠮᠢᠶᠠᠷᠤᠯᠲᠠ ᠪᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠦᠨᠳᠦᠰᠦᠯᠡᠯ ᠮᠥᠨ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠰ ᠭᠠᠵᠠᠷ ᠣᠷᠣᠨ ᠤ ᠪᠠᠨ ᠠᠵᠤ ᠠᠬᠤᠶ ᠶᠢᠨ ᠪᠠᠶᠢᠳᠠᠯ ᠢ ᠪᠤᠰᠤᠳᠴᠢ ᠪᠠᠷ ᠦᠨᠡᠨ ᠪᠣᠳᠠᠲᠠᠶ ᠪᠠᠷ ᠲᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ ᠲᠤᠰ ᠪᠡᠶ᠎ᠡ ᠶᠢᠨ ᠴᠢᠳᠠᠪᠤᠷᠢ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠲᠤᠭ᠎ᠠ ᠪᠦᠷᠢᠳᠬᠡᠯ ᠤᠨ ᠺᠠᠳ᠋ᠷ ᠤᠨ ᠡᠩᠨᠡᠭᠡ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠠᠢ   ᠲᠠᠩ ᠸᠧᠢ ᠸᠧᠢ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠬᠤ ᠱᠤᠭᠤᠮ ᠢᠶᠠᠷ ᠲᠠᠬᠢᠨ ᠶᠠᠪᠤᠭᠰᠠᠨ ᠪᠥᠭᠡᠳ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号