ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠤᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/6/24
ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠤᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ  6 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠷᠠᠯ ᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠳᠤ ᠣᠷᠣᠯᠴᠠᠪᠠ᠃  ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠴᠢᠬᠤᠯᠠ ᠵᠣᠬᠢᠶᠠᠯ - ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ ︾ ᠭᠡᠳᠡᠭ ᠢ ᠳᠠᠭᠠᠭᠤᠯᠤᠨ ᠰᠤᠷᠤᠯᠴᠠᠪᠠ︔ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠴᠢᠦ ᠶᠧ ︽ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠰᠢᠮᠳᠠᠭᠤᠯᠤᠨ ᠪᠠᠶᠢᠴᠠᠭᠠᠬᠤ ᠠᠷᠭ᠎ᠠ︾ ᠶᠢ ᠳᠠᠭᠠᠭᠤᠯᠤᠨ ᠰᠤᠷᠤᠯᠴᠠᠪᠠ᠃  ᠬᠤᠷᠠᠯ ᠠᠴᠠ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠪᠣᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠶᠢᠨ ᠭᠤᠣᠯᠯᠠᠬᠤ ᠦᠢᠯᠡᠳᠦᠯ ᠦᠵᠡᠭᠦᠯᠵᠦ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠠᠷᠭ᠎ᠠ ᠬᠡᠯᠪᠡᠷᠢ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠠᠴᠠ ᠠᠩᠭᠢᠵᠢᠷᠠᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠢ ᠣᠨᠴᠠᠯᠢᠭ ᠲᠠᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠶᠠᠰᠤ ᠴᠢᠨᠠᠷ ᠲᠠᠢ ᠶᠤᠮ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠢᠯᠡᠷᠬᠡᠶ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠤᠨ᠎ᠠ᠂ ᠮᠡᠷᠭᠡᠵᠢᠯ ᠪᠠ ᠡᠵᠡᠩᠨᠡᠯᠲᠡ ᠶᠢᠨ ᠬᠡᠪ ᠵᠠᠭᠪᠤᠷ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠬᠤ ᠮᠥᠷᠲᠡᠭᠡᠨ ᠪᠠᠰᠠ ᠬᠠᠮᠢᠶᠠᠷᠤᠯᠲᠠ ᠪᠠ ᠳᠦᠷᠢᠮ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠭᠤᠯᠤᠭᠳᠠᠬᠤᠨ ᠴᠢᠬᠤᠯᠠ ᠠᠭᠤᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠦᠷᠭᠦᠯᠵᠢᠯᠡᠨ ᠰᠢᠨ᠎ᠡ ᠶᠢ ᠡᠭᠦᠳᠬᠦ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠷᠠᠴᠢᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠠᠮᠵᠢᠯᠠᠯᠲᠤ ᠠᠵᠤ ᠦᠢᠯᠡᠰ ᠢ ᠲᠠᠰ ᠳᠡᠪᠰᠢᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠣᠶ ᠪᠣᠯᠭᠠᠬᠤ ᠬᠡᠷᠡᠭᠲᠡᠶ᠃  ᠬᠤᠷᠠᠯ ᠠᠴᠠ᠂ ︽ᠲᠤᠰᠬᠠᠢ ᠱᠠᠯᠠᠪᠳᠠᠭᠤᠯᠤᠨ ᠪᠠᠶᠢᠴᠠᠭᠠᠬᠤ ᠠᠷᠭ᠎ᠠ︾ ᠶᠢ 2021 ᠣᠨ ᠤ 5 ᠰᠠᠷ᠎ᠠ ᠶᠢᠨ 10 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠭᠤᠣᠯᠳᠠᠭᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠬᠠᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠢᠷᠤᠮᠵᠢᠭᠤᠯᠤᠨ ᠵᠢᠯᠣᠭᠤᠳᠬᠤ ᠳᠤ ᠬᠡᠷᠡᠭᠯᠡᠵᠦ᠂ ᠱᠠᠯᠠᠪᠳᠠᠭᠤᠯᠤᠨ ᠪᠠᠶᠢᠴᠠᠭᠠᠬᠤ ᠡᠲᠡᠭᠡᠳ ᠪᠣᠯᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠱᠠᠯᠠᠪᠳᠠᠭᠤᠯᠤᠨ ᠪᠠᠶᠢᠴᠠᠭᠠᠬᠤ ᠲᠡᠰ ᠳᠠᠷᠠᠭᠠᠯᠠᠯ ᠪᠣᠯᠤᠨ ᠡᠷᠬᠡ ᠮᠡᠳᠡᠯ ᠢ ᠵᠢᠷᠤᠮᠵᠢᠭᠤᠯᠬᠤ ᠶᠢᠨ ᠬᠠᠮᠲᠤ ᠱᠠᠯᠠᠪᠳᠠᠭᠤᠯᠤᠨ ᠪᠠᠶᠢᠴᠠᠭᠠᠬᠤ ᠰᠠᠬᠢᠯᠭ᠎ᠠ ᠪᠠᠲᠤ ᠪᠣᠯᠤᠨ ᠱᠠᠭᠠᠷᠳᠠᠯᠭ᠎ᠠ ᠶᠢ ᠴᠢᠩᠳᠠᠯᠠᠪᠠ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠲᠤᠰᠬᠠᠶ ᠰᠢᠮᠳᠠᠭᠤᠯᠤᠨ ᠪᠠᠶᠢᠴᠠᠭᠠᠬᠤ ᠠᠷᠭ᠎ᠠ︾ ᠶᠢ ᠨᠠᠷᠢᠨ ᠬᠢᠨᠠᠮᠠᠭᠠᠶ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠠᠢ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号