ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ | ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠤᠨ ᠲᠠᠶᠢᠯᠤᠮᠵᠢ | ᠨᠢᠭᠡ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠠᠷᠠᠴᠢᠨ ᠬᠤᠰᠢᠭᠤᠨ ᠤ | ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠶᠢᠨ ᠵᠣᠷᠢᠯᠭ᠎ᠠ ᠶᠢᠨ ᠠᠴᠢ ᠬᠤᠯᠪᠣᠭᠳᠠᠯ ᠨᠢ ᠶᠠᠭᠤ ᠪᠣᠶ︖ | ᠠᠮᠢ ᠠᠬᠤᠶ ᠶᠢᠨ ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠵᠤ᠂ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠮᠢ ᠠᠬᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ | ᠬᠠᠮᠠᠭᠠᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ | ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠲᠦᠷᠢᠮ︾ ᠵᠡᠷᠭᠡ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ | ᠂ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ | ᠬᠤᠶᠠᠷ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠠᠷᠠᠴᠢᠨ ᠬᠤᠰᠢᠭᠤᠨ ᠤ | ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠬᠠᠷᠠᠯᠲᠠ ᠡᠭᠦᠷᠭᠡ ᠨᠢ ᠶᠠᠭᠤ ᠪᠣᠶ︖ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠠᠮᠢᠶᠠᠷᠤᠯᠲᠠ ᠶᠢᠨ ᠠᠯᠪᠠᠨ ᠬᠡᠷ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠪᠣᠯ ᠪᠡᠯᠴᠢᠭᠡᠷᠯᠡᠭᠦᠯᠬᠦ ᠶᠢ | ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠠᠶᠢᠵᠤ᠂ ᠲᠣᠰ | ᠵᠠᠰᠠᠭ ᠵᠠᠬᠢᠷᠭᠠᠨ ᠤ ᠣᠷᠣᠨ ︵ᠬᠠᠷᠢᠶ᠎ᠠ ᠣᠷᠣᠨ︶ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ | ᠪᠤᠶᠢᠵᠢᠭᠤᠯᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠰᠢᠭᠤᠨ ᠣᠶ ᠰᠢᠭᠤᠶ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠣᠷᠣᠨ | ᠪᠦᠰᠡ ᠶᠢᠨ ᠳᠣᠲᠣᠷ᠎ᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠬᠠᠷᠢᠭᠤᠴᠠᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠳᠣᠲᠣᠭᠠᠳᠤ ᠶᠢ ᠬᠠᠮᠠᠭᠠᠯᠠᠬᠤ | ᠲᠣᠮᠢᠯᠠᠭᠰᠠᠨ ᠰᠠᠯᠪᠤᠷᠢ ᠪᠣᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠡᠯᠴᠢᠭᠡᠷᠯᠡᠭᠦᠯᠬᠦ ᠶᠢ ᠴᠠᠭᠠᠵᠠᠯᠠᠵᠤ | ᠪᠢᠲᠡᠭᠦᠮᠵᠢᠯᠡᠨ ᠪᠤᠶᠢᠵᠢᠭᠤᠯᠬᠤ ᠬᠠᠤᠯᠢ ᠬᠡᠷᠡᠭᠵᠢᠭᠦᠯᠬᠦ ᠭᠤᠤᠯ ᠴᠣᠭᠴᠠ ᠪᠣᠯᠤᠨ᠎ᠠ᠃ ᠲᠣᠰᠬᠤᠨ ᠤ ᠠᠷᠠᠳ ᠤᠨ | ᠵᠥᠪᠯᠡᠯ ᠨᠢ ᠥᠪᠡᠷ ᠢ ᠪᠠᠨ ᠬᠠᠮᠢᠶᠠᠷᠬᠤ᠂ ᠬᠠᠷᠢᠯᠴᠠᠨ ᠬᠢᠨᠠᠯᠲᠠ ᠲᠠᠯᠪᠢᠬᠤ ᠵᠠᠷᠴᠢᠮ ᠤᠨ ᠶᠣᠰᠣᠭᠠᠷ᠂ ᠲᠤᠰᠬᠠᠶ | ᠵᠣᠬᠢᠶᠠᠨ ᠪᠠᠶᠢᠭᠤᠯᠤᠯᠲᠠ ᠪᠣᠯᠤᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠵᠤ | ᠪᠢᠲᠡᠭᠦᠮᠵᠢᠯᠡᠨ ᠪᠤᠶᠢᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠬᠠᠮᠢᠶᠠᠷᠬᠤ ᠬᠡᠷᠡᠭᠲᠡᠶ᠃ ᠣᠶ ᠰᠢᠭᠤᠶ ᠨᠤᠲᠤᠭ | ᠪᠡᠯᠴᠢᠭᠡᠷ ᠤᠨ ᠬᠡᠷᠡᠭᠯᠡᠭᠴᠢ᠂ ᠳᠠᠭᠠᠭᠠᠴᠢᠯᠠᠨ ᠡᠵᠡᠩᠨᠡᠭᠴᠢ ᠪᠣᠯ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ | ᠭᠤᠤᠯ ᠴᠣᠭᠴᠠ ᠪᠣᠯᠤᠨ᠎ᠠ᠂ ᠣᠶᠢᠲᠤ ᠭᠠᠵᠠᠷ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ | ᠬᠠᠮᠠᠭᠠᠯᠠᠨ ᠵᠦᠢ ᠵᠣᠬᠢᠰᠲᠠᠶ ᠠᠰᠢᠭᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ | ᠳᠦᠷᠢᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠬᠠᠮᠠᠭᠠᠯᠠᠬᠤ | ᠡᠭᠦᠷᠭᠡ ᠶᠢ ᠭᠦᠢᠴᠡᠳᠬᠡᠬᠦ ᠬᠡᠷᠡᠭᠲᠡᠶ᠃ | ᠭᠤᠷᠪᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠠᠷᠠᠴᠢᠨ ᠬᠤᠰᠢᠭᠤᠨ ᠤ | ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠭᠤᠤᠯ ᠠᠭᠤᠯᠭ᠎ᠠ ᠨᠢ ᠶᠠᠭᠤ ᠪᠣᠶ︖ | ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ | ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠶᠢᠨ | ᠵᠣᠷᠢᠯᠭ᠎ᠠ ᠶᠢᠨ ᠠᠴᠢ ᠬᠤᠯᠪᠣᠭᠳᠠᠯ | ᠬᠤᠶᠠᠳᠤᠭᠠᠷ ᠵᠦᠢᠯ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ ᠪᠢᠲᠡᠭᠦᠮᠵᠢᠯᠡᠨ ᠪᠤᠶᠢᠵᠢᠭᠤᠯᠬᠤ | ᠠᠵᠢᠯ ᠳᠤ ᠪᠥᠬᠦ ᠵᠢᠯ ᠤᠨ ᠪᠥᠬᠦ ᠣᠷᠣᠨ ᠤ ᠪᠢᠲᠡᠭᠦᠮᠵᠢᠯᠡᠯ ᠢ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ | ᠡᠭᠦᠷᠭᠡ ᠬᠠᠷᠢᠭᠤᠴᠠᠯᠭ᠎ᠠ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠭᠦᠷᠭᠡ ᠬᠠᠷᠢᠭᠤᠴᠠᠯᠭ᠎ᠠ᠃ ᠭᠠᠴᠠᠬᠠᠨ ᠤ ᠠᠷᠠᠳ ᠤᠨ | ᠵᠥᠪᠯᠡᠯ ᠤᠨ ᠡᠭᠦᠷᠭᠡ ᠬᠠᠷᠢᠬᠤᠴᠠᠯᠭᠠ᠃ ᠣᠶ ᠰᠢᠭᠤᠶ ᠨᠤᠲᠤᠭ ᠪᠡᠯᠴᠢᠭᠡᠷ ᠢ ᠬᠡᠷᠡᠭᠯᠡᠭᠴᠢ᠂ ᠳᠠᠭᠠᠭᠠᠴᠢᠯᠠᠨ | ᠡᠵᠡᠩᠨᠡᠭᠴᠢ ᠶᠢᠨ ᠬᠠᠷᠢᠭᠤᠴᠠᠯᠭ᠎ᠠ᠃ | ᠳᠥᠷᠪᠡᠳᠦᠭᠡᠷ ᠵᠦᠢᠯ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠤᠬᠠᠭᠤᠯᠭ᠎ᠠ ᠪᠠᠨ | ᠴᠢᠩᠭᠠᠳᠬᠠᠬᠤ ᠬᠡᠷᠡᠭᠲᠡᠶ᠃ | ᠬᠤᠶᠠᠳᠤᠭᠠᠷ ᠪᠦᠯᠦᠭ ᠪᠡᠯᠴᠢᠭᠡᠷᠯᠡᠭᠦᠯᠬᠦ ᠶᠢ ᠬᠤᠷᠢᠭᠯᠠᠬᠤ | ᠲᠠᠪᠤᠳᠤᠭᠠᠷ ᠵᠦᠢᠯ ᠪᠦᠬᠦ ᠬᠤᠰᠢᠭᠤᠨ ᠤ ᠬᠡᠪᠴᠢᠶᠡᠨ ᠳᠤ ᠪᠣᠢ ᠪᠦᠬᠦᠢ ᠲᠠᠷᠢᠶᠠᠨ ᠭᠠᠵᠠᠷ᠂ ᠣᠶᠢᠲᠤ ᠭᠠᠵᠠᠷ᠂ | ᠡᠪᠡᠰᠦᠲᠦ ᠭᠠᠵᠠᠷ᠂ ᠠᠲᠠᠷ ᠭᠠᠵᠠᠷ ᠵᠡᠷᠭᠡ ᠶᠢ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠤᠨ᠎ᠠ᠃ | | ᠵᠢᠷᠭᠤᠳᠤᠭᠠᠷ ᠵᠦᠢᠯ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠣᠨᠣᠯᠵᠢᠬᠤᠨ ᠢ | ᠬᠤᠪᠢᠷᠠᠭᠤᠯᠵᠤ᠂ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠪᠠ ᠠᠷᠭ᠎ᠠ ᠶᠢ ᠬᠤᠪᠢᠷᠠᠭᠤᠯᠬᠤ ᠬᠡᠷᠡᠭᠲᠡᠶ᠃ | ᠳᠣᠯᠣᠳᠤᠭᠠᠷ ᠵᠦᠢᠯ ᠪᠥᠬᠦ ᠬᠤᠰᠢᠭᠤᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ | ᠡᠬᠢ ᠪᠠᠶᠠᠯᠢᠭ ᠢ ᠭᠦᠢᠴᠡᠳ ᠠᠰᠢᠭᠯᠠᠨ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠ ᠵᠠᠰᠠᠭ | ᠵᠠᠬᠢᠷᠭᠠᠨ ᠢᠶᠠᠷ ᠠᠬᠢᠭᠤᠯᠬᠤ ᠶᠢ ᠤᠶᠠᠯᠳᠤᠭᠤᠯᠬᠤ ᠠᠷᠭ᠎ᠠ ᠶᠢ ᠠᠪᠤᠨ᠎ᠠ᠃ | ᠨᠠᠢᠮᠠᠳᠤᠭᠠᠷ ᠵᠦᠢᠯ ᠤᠯᠤᠰ ᠤᠨ ᠮᠠᠯ ᠠᠵᠤ ᠠᠬᠤᠢ ᠨᠤᠲᠤᠭ ᠪᠡᠯᠴᠢᠭᠡᠷ ᠢ ᠬᠥᠭᠵᠢᠭᠦᠯᠬᠦ ᠠᠰᠢᠭᠲᠠᠢ | ᠲᠥᠷᠥ ᠶᠢᠨ ᠪᠣᠳᠣᠯᠭ᠎ᠠ ᠶᠢ ᠠᠰᠢᠭᠯᠠᠨ᠂ ᠬᠥᠮᠥᠨ ᠤ ᠬᠦᠴᠦ ᠪᠠᠷ ᠡᠪᠡᠰᠦ ᠲᠠᠷᠢᠬᠤ ᠶᠢ ᠶᠡᠬᠡᠪᠡᠷ ᠥᠷᠨᠢᠭᠦᠯᠵᠦ᠂ | ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠲᠠᠷᠢᠵᠤ ᠮᠠᠯ ᠲᠡᠵᠢᠭᠡᠬᠦ ᠵᠠᠮ ᠢᠶᠠᠷ ᠵᠠᠮᠨᠠᠭᠤᠯᠤᠨ᠎ᠠ᠃ | ᠶᠢᠰᠦᠳᠦᠭᠡᠷ ᠵᠦᠢᠯ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠮᠠᠯ ᠰᠦᠷᠦᠭ ᠤᠨ ᠮᠠᠯ ᠤᠨ | ᠡᠭᠦᠯᠳᠡᠷ ᠤᠨ ᠪᠦᠲᠦᠴᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ | ᠠᠷᠪᠠᠳᠤᠭᠠᠷ ᠵᠦᠢᠯ ᠣᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ᠂ ᠬᠠᠰᠢᠶᠠᠯᠠᠨ ᠲᠡᠵᠢᠭᠡᠬᠦ ᠮᠠᠯ ᠠᠵᠤ | ᠠᠬᠤᠶ ᠶᠢᠨ ᠬᠠᠲᠠᠭᠤ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠶ᠃ | ᠭᠤᠷᠪᠠᠳᠣᠭᠠᠷ ᠪᠦᠯᠦᠭ ᠬᠠᠮᠢᠶᠠᠷᠣᠨ ᠬᠠᠮᠠᠭᠠᠯᠠᠬᠤ | ᠠᠷᠪᠠᠨ ᠨᠢᠭᠡᠳᠦᠭᠡᠷ ᠵᠦᠢᠯ ᠬᠤᠰᠢᠭᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ | ᠭᠤᠷᠪᠠᠨ ᠱᠠᠲᠤᠨ ᠤ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠨᠢᠭᠲᠠ ᠬᠠᠮᠵᠢᠯᠴᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ | ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠣᠶ ᠰᠢᠭᠤᠶ ᠡᠪᠡᠰᠦ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠵᠠᠷᠤᠳᠠᠯ ᠢ ᠤᠯᠤᠰ ᠤᠨ ᠲᠥᠷᠥᠯ ᠵᠦᠶ᠋ᠯ ᠤᠨ | ᠲᠥᠯᠥᠪᠵᠢᠭᠦᠯᠭᠡ ᠳᠤ ᠣᠷᠣᠭᠤᠯᠵᠤ᠂ ᠢᠳᠡᠪᠬᠢᠲᠡᠶ ᠪᠠᠷ ᠲᠥᠷᠥᠯ ᠵᠦᠶ᠋ᠯ ᠤᠨ ᠳᠡᠮᠵᠢᠯᠭᠡ ᠦᠵᠡᠭᠦᠯᠬᠦ ᠬᠡᠷᠡᠭᠲᠡᠶ︔ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠪᠠ ᠠᠵᠢᠯ ᠤᠨ | ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ︔ ᠣᠷᠣᠨ ᠲᠣᠭᠠᠨ ᠤ ᠰᠠᠯᠠᠭ᠎ᠠ | ᠮᠥᠴᠢᠷ ᠤᠳ ᠬᠤᠰᠢᠭᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠤᠶᠠᠷ ᠱᠠᠲᠤᠨ ᠤ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ᠂ ᠠᠵᠢᠯ ᠤᠨ | ᠪᠠᠶᠢᠷᠢ ᠲᠣᠭᠲᠠᠭᠠᠨ ᠠᠵᠢᠯᠲᠠᠨ ᠢ ᠲᠣᠭᠲᠠᠭᠠᠨ᠎ᠠ᠃ | ᠠᠷᠪᠠᠨ ᠳᠥᠷᠪᠡᠳᠦᠭᠡᠷ ᠵᠦᠢᠯ ᠡᠯ᠎ᠡ ᠲᠣᠰᠬᠤᠨ ᠤ ᠠᠷᠠᠳ ᠤᠨ ᠵᠥᠪᠯᠡᠯ ᠨᠢ ᠪᠡᠯᠴᠢᠭᠡᠷᠯᠡᠭᠦᠯᠬᠦ ᠶᠢ ᠴᠠᠭᠠᠵᠠᠯᠠᠵᠤ | ᠬᠠᠮᠢᠶᠠᠷᠤᠨ ᠬᠠᠮᠠᠭᠠᠯᠠᠬᠤ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠲᠣᠭᠲᠠᠭᠠᠵᠤ᠂ ᠣᠶ ᠶᠢᠨ ᠭᠠᠵᠠᠷ ᠤᠨ | ᠬᠡᠷᠡᠭᠯᠡᠭᠴᠢ ᠯᠦᠭᠡ ︽ᠣᠶ ᠮᠣᠳᠣᠨ ᠤ ᠭᠠᠵᠠᠷ ᠢ ᠬᠠᠮᠠᠭᠠᠯᠠᠬᠤ ᠵᠥᠪᠳᠡᠯᠴᠡᠬᠡᠷ︾ ᠲᠣᠭᠲᠠᠬᠤ ᠬᠡᠷᠡᠭᠲᠡᠶ᠃ | ᠳᠥᠷᠪᠡᠳᠦᠭᠡᠷ ᠪᠦᠯᠦᠭ ᠰᠢᠳᠭᠡᠬᠦ | ᠠᠷᠪᠠᠨ ᠨᠠᠢᠮᠠᠳᠤᠭᠠᠷ ᠵᠦᠢᠯ ᠣᠶᠢᠲᠤ ᠭᠠᠵᠠᠷ ᠲᠤ ᠠᠲᠠᠷ ᠬᠠᠭᠠᠯᠪᠤᠷᠢᠯᠠᠵᠤ᠂ ᠡᠯᠡᠰᠦ ᠮᠠᠯᠲᠠᠵᠤ᠂ ᠰᠢᠷᠣᠶ | ᠠᠪᠤᠭᠰᠠᠳ ᠪᠠᠭᠠᠵᠢ᠂ ᠬᠡᠷᠡᠭᠰᠡᠯ ᠢ ᠨᠢ ᠬᠤᠷᠢᠶᠠᠨ ᠠᠪᠤᠨ᠎ᠠ | ᠠᠷᠪᠠ ᠶᠢᠰᠦᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠪᠡᠯ᠂ ᠳᠣᠤᠷᠠᠬᠢ ᠪᠠᠷᠢᠮᠵᠢᠶ᠎ᠠ | ᠶᠣᠰᠣᠭᠠᠷ ᠰᠢᠳᠬᠡᠨ ᠲᠣᠷᠭᠠᠨ᠎ᠠ᠃ | ︵ᠨᠢᠭᠡ︶ ᠬᠡᠭᠡᠷ᠎ᠡ ᠭᠠᠳᠠᠨ᠎ᠠ ᠮᠠᠯ ᠬᠠᠷᠢᠭᠤᠯᠤᠭᠰᠠᠨ᠃ | ︵ᠬᠤᠶᠠᠷ︶ ᠣᠶ ᠰᠢᠭᠤᠶ ᠪᠠ ᠨᠤᠲᠤᠭ ᠪᠡᠯᠴᠢᠭᠡᠷ ᠤᠨ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ᠂ | ᠨᠢᠯᠬ᠎ᠠ ᠣᠶ ᠶᠢᠨ ᠭᠠᠵᠠᠷ᠂ ᠨᠡᠶᠢᠲᠡ ᠶᠢᠨ ᠠᠰᠠᠷᠠᠮᠵᠢ ᠶᠢᠨ ᠣᠶ ᠶᠢᠨ ᠭᠠᠵᠠᠷ᠂ ᠠᠵᠤ ᠠᠬᠤᠶ ᠶᠢᠨ ᠣᠶ ᠶᠢᠨ | ᠭᠠᠵᠠᠷ ᠲᠤ ᠮᠠᠯ ᠬᠠᠷᠢᠭᠤᠯᠤᠭᠰᠠᠨ | ︵ᠭᠤᠷᠪᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠪᠡᠯᠴᠢᠭᠡᠷᠯᠡᠭᠦᠯᠦᠭᠰᠡᠨ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠲᠦᠷᠪᠡᠳᠦᠭᠡᠷ ᠵᠦᠢᠯ ᠲᠤᠰ ᠠᠷᠭ᠎ᠠ ᠶᠢᠨ ᠨᠢᠭᠡᠳᠦᠭᠡᠷ ᠪᠦᠯᠦᠭ ᠤᠨ ᠨᠢᠭᠡᠳᠦᠭᠡᠷ ᠵᠦᠢᠯ ᠳᠤ ᠬᠡᠯᠡᠵᠦ | ᠪᠠᠶᠢᠭ᠎ᠠ ᠬᠠᠮᠢᠶ᠎ᠠ ᠪᠦᠬᠦᠢ ᠬᠠᠤᠯᠢ ᠴᠠᠭᠠᠵᠠ ᠭᠡᠳᠡᠭ ᠪᠤᠯ ︽ᠲᠤᠮᠳᠠᠳᠤ ᠤᠯᠤᠰ ᠤᠨ ᠤᠢ ᠰᠢᠭᠤᠢ ᠶᠢᠨ ᠬᠠᠤᠯᠢ︾᠂ | ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠬᠠᠤᠯᠢ︾ ᠪᠠ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠢ ᠬᠠᠮᠠᠭᠠᠯᠠᠬᠤ ᠬᠠᠤᠯᠢ︾ ᠶᠢ ᠵᠢᠭᠠᠵᠤ ᠪᠠᠶᠢᠨ᠎ᠠ | ᠬᠤᠷᠢᠨ ᠲᠠᠪᠤᠳᠤᠭᠠᠷ ᠵᠦᠢᠯ ᠲᠣᠰ ᠠᠷᠭ᠎ᠠ ᠶᠢ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2011 ᠣᠨ ᠤ 11 ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠭᠰᠠᠨ ︽ᠬᠠᠷᠠᠴᠢᠨ ᠬᠤᠰᠢᠭᠤᠨ ᠤ | ᠪᠢᠲᠡᠭᠦᠮᠵᠢᠯᠡᠨ ᠪᠤᠶᠢᠵᠢᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠷᠭ᠎ᠠ︾ ︵ᠬᠠᠷᠠᠴᠢᠨ | ᠵᠠᠰᠠᠭ ᠲᠠᠷᠬᠠᠭᠠᠭᠰᠠᠨ ︹2011︺ 88 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | |