ᠪᠡᠭᠡᠵᠢᠩ ᠥᠪᠥᠷ ᠮᠣᠩᠭᠤᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠰᠢ ᠴᠢᠶᠣᠤ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/1
ᠪᠡᠭᠡᠵᠢᠩ ᠥᠪᠥᠷ ᠮᠣᠩᠭᠤᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠰᠢ ᠴᠢᠶᠣᠤ ᠪᠠᠯᠭᠠᠰᠤᠨ ᠳᠤ ᠶᠠᠪᠤᠭᠳᠠᠪᠠ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠪᠡᠭᠡᠵᠢᠩ ᠤᠨ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠬᠤᠳᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠲᠠᠢ ᠭᠠᠷ ᠬᠤᠯᠪᠣᠯᠴᠠᠨ ᠰᠢ ᠴᠢᠶᠣᠤ ᠪᠠᠯᠭᠠᠰᠤᠨ ᠤ ᠰᠢᠶᠤᠤ ᠰᠠᠨ ᠵᠢᠶᠠ ᠲᠣᠰᠬᠤᠨ ᠳᠤ ᠪᠡᠭᠡᠵᠢᠩ ᠥᠪᠥᠷ ᠮᠣᠩᠭᠤᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠡᠮ ᠡᠮᠨᠡᠯᠭᠡ ᠶᠢᠨ ᠬᠠᠪᠰᠤᠷᠤᠨ ᠲᠡᠳᠬᠦᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠢᠴᠢ ᠬᠠᠶᠢᠷ᠎ᠠ ᠬᠠᠯᠠᠮᠵᠢ ᠵᠢᠷᠤᠮ ᠤᠨ ᠡᠮᠴᠢᠯᠡᠭᠡ ᠶᠢ ᠬᠥᠳᠡᠭᠡ ᠲᠣᠰᠬᠤᠨ ᠳᠤ ᠬᠦᠷᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠡᠷᠡᠭᠦᠯ ᠮᠡᠨᠳᠦ ᠬᠦᠷᠭᠡᠬᠦ ᠠᠵᠢᠯᠯᠠᠭ᠎ᠠ ᠥᠷᠨᠢᠭᠦᠯᠵᠡᠢ᠃  ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠦᠨ ᡁᠢ ᠴᠢᠶᠠᠩ ᠪᠠᠶᠠᠷ ᠤᠨ ᠦᠭᠡ ᠳᠡᠭᠡᠨ᠂ ᠡᠮ ᠡᠮᠨᠡᠯᠭᠡ ᠶᠢᠨ ᠬᠠᠪᠰᠤᠷᠤᠨ ᠲᠡᠳᠬᠦᠬᠦ ᠠᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠳᠠᠭ᠂ ᠥᠷᠭᠡᠨ ᠣᠯᠠᠨ ᠡᠮᠨᠡᠯᠭᠡ ᠶᠢᠨ ᠠᠵᠢᠯᠲᠠᠳ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠲᠤ ᠢᠳᠡᠪᠬᠢᠲᠡᠶ ᠣᠷᠣᠯᠴᠠᠵᠤ᠂ ᠲᠠᠷᠢᠶᠠᠴᠢᠨ ᠲᠦᠮᠡᠨ ᠳᠤ ᠨᠠᠩ ᠰᠢᠯᠢᠳᠡᠭ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ ᠭᠡᠵᠡᠶ   ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠤᠬᠠᠶ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠦᠨᠳᠦ ᠡᠪᠡᠳᠴᠢᠨ ᠲᠠᠢ ᠡᠷᠦᠬᠡ ᠶᠢᠨ ᠲᠣᠰᠬᠤᠨ ᠤ ᠠᠷᠠᠳ ᠲᠤ ᠴᠢᠰᠤᠨ ᠳᠠᠷᠤᠯᠲᠠ ᠶᠢᠨ ᠬᠡᠮᠵᠢᠭᠦᠷ᠂ ᠴᠢᠰᠤᠨ ᠰᠢᠬᠢᠷ ᠤᠨ ᠬᠡᠮᠵᠢᠭᠦᠷ ᠵᠡᠷᠭᠡ ᠬᠡᠷ ᠤᠨ ᠡᠮᠴᠢᠯᠡᠭᠡᠨ ᠤ ᠲᠥᠬᠦᠭᠡᠷᠦᠮᠵᠢ ᠶᠢ ᠪᠠᠭᠲᠠᠭᠠᠭᠰᠠᠨ ᠡᠷᠡᠭᠦᠯ ᠮᠡᠨᠳᠦ ᠶᠢᠨ ᠬᠠᠶᠢᠷᠴᠠᠭ ᠬᠦᠷᠭᠡᠪᠡ᠃ ᠠᠯᠪᠠᠨ ᠵᠢᠷᠤᠮ ᠤᠨ ᠡᠮᠴᠢᠯᠡᠭᠡᠨ ᠤ ᠭᠤᠭᠴᠤᠭ᠎ᠠ ᠳᠤ᠂ ᠪᠡᠭᠡᠵᠢᠩ ᠤᠨ ᠳᠤᠮᠳᠠᠳᠤ ᠶᠠᠫᠣᠨ ᠤ ᠨᠥᠬᠦᠷᠰᠡᠭ ᠡᠮᠨᠡᠯᠭᠡ ᠶᠢᠨ ᠬᠤᠷᠢᠶ᠎ᠠ ᠪᠣᠯᠤᠨ ᠤᠯᠠᠭᠠᠨᠬᠠᠳᠠ ᠬᠤᠳᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠠᠴᠠ ᠢᠷᠡᠭᠰᠡᠨ ᠲᠤᠰᠬᠠᠢ ᠮᠡᠷᠭᠡᠵᠢᠯᠲᠡᠨ ᠤ ᠪᠦᠯᠬᠦᠮ ᠲᠣᠰᠬᠤᠨ ᠤ ᠠᠷᠠᠳ ᠤᠨ ᠡᠪᠡᠳᠴᠢᠨ ᠤ ᠪᠠᠶᠢᠳᠠᠯ ᠢ ᠬᠦᠯᠢᠴᠡᠩᠭᠦᠢ ᠨᠠᠷᠢᠨ ᠠᠰᠠᠭᠤᠨ ᠯᠠᠪᠯᠠᠵᠤ᠂ ᠤᠯᠠᠨ ᠲᠦᠮᠡᠨ ᠳᠤ ᠬᠠᠨᠳᠤᠯᠭᠠᠲᠤ ᠴᠢᠨᠠᠷᠲᠠᠢ ᠣᠨᠣᠰᠢᠯᠠᠨ ᠡᠮᠨᠡᠬᠦ ᠰᠠᠨᠠᠭᠤᠯᠭ᠎ᠠ ᠪᠣᠯᠤᠨ ᠡᠮᠨᠡᠨ ᠵᠠᠰᠠᠬᠤ ᠲᠥᠰᠦᠯ ᠬᠠᠩᠭᠠᠪᠠ᠃ ᠡᠭᠦᠨ ᠤ ᠬᠠᠮᠲᠤ ᠳᠥᠭᠦᠮ ᠣᠶᠢᠯᠠᠭᠠᠮᠵᠢᠲᠠᠶ ᠦᠭᠡ ᠬᠡᠯᠡ ᠶᠢ ᠠᠰᠢᠭᠯᠠᠨ᠂ ᠲᠣᠰᠬᠤᠨ ᠤ ᠠᠷᠠᠳ ᠲᠤ ᠬᠠᠪᠤᠳᠠᠷ ᠢ ᠰᠡᠷᠭᠡᠶᠢᠯᠡᠨ ᠵᠠᠰᠠᠬᠤ᠂ ᠡᠳᠦᠷ ᠲᠤᠲᠤᠮ ᠤᠨ ᠡᠷᠡᠭᠦᠯᠵᠢᠯ ᠵᠡᠷᠭᠡ ᠲᠠᠯ᠎ᠠ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠡᠶ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠨᠢ ᠲᠣᠰᠬᠤᠨ ᠤ ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ ᠯᠤᠭᠰᠢᠯᠲᠠ ᠶᠢᠨ ᠵᠢᠷᠤᠭ᠂ ᠪᠤᠳᠤᠭᠲᠤ ᠴᠤᠤ᠂ ᠵᠡᠭᠦᠦ ᠲᠥᠭᠡᠨᠡᠯᠭᠡ᠂ ᠨᠢᠳᠦᠨ ᠤ ᠪᠠᠶᠢᠴᠠᠭᠠᠯᠲᠠ ᠵᠡᠷᠭᠡ ᠣᠯᠠᠨ ᠦᠢᠯᠡᠴᠢᠯᠡᠭᠡᠨ ᠤ ᠲᠥᠷᠥᠯ ᠵᠦᠢᠯ ᠢ ᠬᠠᠩᠭᠠᠪᠠ᠃ ᠲᠣᠰᠬᠤᠨ ᠤ ᠠᠷᠠᠳ᠂ ᠭᠡᠷ ᠤᠨ ᠡᠭᠦᠳᠡᠨ ᠳᠤ ᠲᠤᠰᠬᠠᠶ ᠮᠡᠷᠭᠡᠵᠢᠯ ᠤᠨ ᠡᠮ ᠡᠮᠨᠡᠯᠭᠡ ᠶᠢᠨ ᠦᠢᠯᠡᠴᠢᠯᠡᠭᠡ ᠬᠦᠷᠲᠡᠵᠦ᠂ ᠮᠠᠰᠢ ᠬᠠᠯᠠᠭᠤᠨ ᠳᠤᠯᠠᠭᠠᠨ ᠰᠠᠨᠠᠭᠳᠠᠨ᠎ᠠ ᠭᠡᠵᠦ ᠲᠣᠰᠬᠤᠨ ᠤ ᠠᠷᠠᠳ ᠢᠯᠡᠳᠬᠡᠵᠡᠭᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号