ᠮᠠᠨ ᠤ ᠬᠤᠰᠢᠭᠤ ︽ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ︾ ᠤᠷᠠᠨ ᠰᠠᠶᠢᠬᠠᠨ ᠤ ᠦᠳᠡᠰᠢᠯᠡᠭᠡ ᠡᠷᠬᠢᠯᠡᠪᠡ
ᠨᠡᠶᠢᠲᠡᠯᠡᠭᠰᠡᠨ ᠴᠠᠭ᠄
2024/7/1
ᠮᠠᠨ ᠤ ᠬᠤᠰᠢᠭᠤ ︽ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ︾ ᠤᠷᠠᠨ ᠰᠠᠶᠢᠬᠠᠨ ᠤ ᠦᠳᠡᠰᠢᠯᠡᠭᠡ ᠡᠷᠬᠢᠯᠡᠪᠡ  ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠤᠨ ᠣᠷᠳᠣᠨ᠂ ᠤᠯᠠᠭᠠᠨᠬᠠᠳᠠ ᠶᠢᠨ ᠢ ᠭᠠᠩ ᠪᠠᠶ ᠾᠧ ᠪᠦᠯᠦᠭᠯᠡᠯ ᠠᠴᠠ ᠳᠠᠭᠠᠭᠠᠴᠢᠯᠠᠨ ᠡᠷᠭᠢᠯᠡᠭᠰᠡᠨ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠵᠢᠨᠱᠠᠨ ᠬᠤᠲᠠ ᠶᠢᠨ ᠠᠷᠠᠳ ᠤᠨ ᠠᠭᠤᠳᠠᠮ ᠲᠠᠯᠠᠪᠠᠶ ᠶᠢᠨ ᠠᠷᠠᠳ ᠣᠯᠠᠨ ᠤ ᠶᠡᠭᠡ ᠲᠠᠪᠴᠠᠩ ᠳᠤ ᠶᠠᠪᠤᠭᠳᠠᠪᠠ᠃  ᠲᠣᠰ ᠤᠳᠠᠭᠠᠨ ᠤ ᠦᠳᠡᠰᠢᠯᠡᠭᠡ ᠨᠢ ︽ᠨᠠᠮ ᠳᠠᠭᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠪᠠᠷ ᠭᠤᠤᠯ ᠰᠡᠳᠦᠪ ᠪᠣᠯᠭᠠᠵᠤ᠂ 14 ᠰᠢᠯᠢᠳᠡᠭ ᠲᠣᠭᠯᠠᠯᠲᠠ ᠶᠢ ᠥᠷᠭᠡᠨ ᠣᠯᠠᠨ ᠦᠵᠡᠭᠴᠢᠳ ᠲᠤ ᠳᠡᠯᠭᠡᠨ ᠦᠵᠡᠭᠦᠯᠪᠡ᠃ ᠲᠣᠭᠯᠠᠯᠲᠠ ᠨᠢ ᠬᠦᠭᠵᠢᠮᠳᠡᠬᠦᠷᠭᠡ ᠶᠢᠨ ᠨᠠᠶᠢᠷᠠᠯ ᠬᠥᠭᠵᠢᠮ ︽ᠠᠷᠠᠳ ᠤᠨ ᠲᠡᠶᠢᠨ ᠢᠯᠠᠯᠳᠠ ᠤᠯᠬᠤ︾ ᠲᠤᠮᠳᠠ ᠬᠦᠰᠢᠭᠡ ᠪᠠᠨ ᠰᠡᠬᠦᠵᠦ᠂ ᠬᠦᠭᠵᠢᠮᠳᠡᠭᠴᠢ ᠶᠢᠨ ᠤᠷᠮ᠎ᠠ ᠵᠤᠷᠢᠭ ᠢ ᠬᠦᠭᠵᠢᠭᠡᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠦᠭᠵᠢᠶᠡᠨ ᠲᠠᠢ ᠪᠠᠶᠢᠯ᠎ᠠ᠃ ᠳᠠᠷᠠᠭ᠎ᠠ ᠨᠢ᠂ ᠨᠠᠷᠠᠨ ᠬᠤᠸᠠᠷ ᠤᠨ ᠪᠥᠵᠢᠭ ︽ᠬᠥᠭᠵᠢᠯ ᠪᠠᠳᠠᠷᠠᠯ ᠤᠨ ᠦᠶ᠎ᠡ ᠶᠢᠨ ᠬᠠᠪᠤᠷ ᠤᠨ ᠰᠠᠯᠬᠢ︾᠂ ᠨᠠᠶᠢᠷᠠᠯ ᠳᠠᠭᠤᠤ ︽ᠬᠡᠦᠬᠡᠳ ᠤᠨ ᠰᠡᠳᠬᠢᠯ ᠨᠠᠮ ᠲᠠᠭᠠᠨ︾᠂ ᠤᠯᠠᠨ ᠬᠥᠮᠦᠨ ᠤ ᠴᠠᠷᠭᠢᠯ ᠬᠤᠯᠪᠣᠭ᠎ᠠ ︽ᠦᠨᠳᠦᠰᠦᠲᠡᠨ ᠨᠦᠭᠦᠳ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾᠂ ᠪᠡᠭᠡᠵᠢᠩ ᠵᠦᠴᠦᠭᠡ ︽ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ︾᠂ ᠮᠣᠳᠧᠯ ᠤᠨ ᠦᠵᠡᠭᠦᠯᠭᠡ ︽ᠨᠠᠮ ᠤᠨ ᠲᠤᠭ ᠨᠡᠩ ᠰᠤᠷᠭᠤᠭ ᠪᠠᠶᠢᠨ᠎ᠠ︾᠂ ᠡᠷᠡᠭᠲᠡᠢ ᠶᠢᠨ ᠭᠤᠴᠣᠯᠠᠯ ᠳᠠᠭᠤᠤ ︽ᠪᠢ ᠳᠤᠮᠳᠠᠳᠤ ᠤᠯᠤᠰ ᠢᠶᠠᠨ ᠬᠠᠶᠢᠷᠠᠯᠠᠶ᠎ᠠ︾ ᠵᠡᠷᠭᠡ ᠤᠯᠠᠨ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠨ᠎ᠠ᠃ ᠲᠤᠬᠠᠶ ᠶᠢᠨ ᠲᠠᠯᠠᠪᠠᠶ ᠳᠤ ᠠᠯᠠᠭ᠎ᠠ ᠲᠠᠰᠢᠬᠤ ᠳᠠᠭᠤᠨ ᠲᠠᠰᠤᠷᠠᠯᠲᠠ ᠦᠭᠡᠢ ᠰᠣᠨᠣᠰᠳᠠᠪᠠ᠃ ᠬᠠᠮᠤᠭ ᠰᠡᠭᠦᠯ ᠳᠤ᠂ ᠪᠦᠬᠦ᠋ᠢᠯᠡ ᠲᠣᠭᠯᠠᠯᠲᠠ ᠨᠢ ︽ᠲᠦᠮᠡᠨ ᠨᠠᠰᠤᠲᠠᠢ᠂ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ︾ ᠭᠡᠬᠦ ᠨᠠᠶᠢᠷᠠᠯ ᠳᠠᠭᠤᠤ ᠶᠢᠨ ᠳᠤᠮᠳᠠ ᠥᠨᠳᠥᠷᠯᠡᠪᠡ᠃  ᠲᠤᠰ ᠤᠳᠠᠭᠠᠨ ᠤ ᠦᠳᠡᠰᠢᠯᠡᠭᠡ ᠳᠤ 339 ᠤᠷᠠᠨ ᠰᠠᠶᠢᠬᠠᠨ ᠤ ᠰᠠᠶᠢᠨ ᠳᠤᠷᠠᠴᠤᠳ ᠲᠣᠭᠯᠠᠯᠲᠠ ᠳᠤ ᠣᠷᠣᠯᠴᠠᠵᠤ᠂ ᠬᠡᠦᠬᠡᠳ ᠤᠨ ᠴᠡᠴᠡᠷᠯᠢᠭ ᠤᠨ ᠰᠤᠷᠤᠭᠴᠢ᠂ ᠪᠠᠭᠰᠢ᠂ ᠠᠵᠢᠯᠴᠢᠨ᠂ ᠲᠠᠷᠢᠶᠠᠴᠢᠨ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠵᠡᠷᠭᠡ ᠪᠠᠶᠢᠵᠤ᠂ ᠲᠡᠳᠡ ᠳᠠᠭᠤᠤ ᠬᠥᠭᠵᠢᠮ ᠪᠠ ᠪᠥᠵᠢᠭ ᠢᠶᠠᠷ ᠡᠬᠡ ᠤᠯᠤᠰ ᠢᠶᠠᠨ ᠬᠠᠶᠢᠷᠠᠯᠠᠬᠤ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠬᠡᠵᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号