︽ᠬᠠᠷᠠᠴᠢᠨ ᠬᠤᠰᠢᠭᠤ - ᠰᠢ ᠴᠧᠩ ᠲᠣᠭᠤᠷᠢᠭ ᠤᠨ ᠬᠠᠮᠵᠢᠯᠴᠠᠨ ᠬᠥᠭᠵᠢᠬᠦ ᠬᠤᠤᠰ ᠴᠢᠭᠯᠡᠯᠲᠦ ᠰᠣᠯᠢᠯᠴᠠᠬᠤ ᠠᠵᠢᠯᠯᠠᠭ᠎ᠠ︾ ᠪᠡᠭᠡᠵᠢᠩ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/7/12
︽ ᠬᠠᠷᠠᠴᠢᠨ ᠬᠤᠰᠢᠭᠤ - ᠰᠢ ᠴᠧᠩ ᠲᠣᠭᠤᠷᠢᠭ ᠤᠨ ᠬᠠᠮᠵᠢᠯᠴᠠᠨ ᠬᠥᠭᠵᠢᠬᠦ ᠬᠤᠤᠰ ᠴᠢᠭᠯᠡᠯᠲᠦ ᠰᠣᠯᠢᠯᠴᠠᠬᠤ ᠠᠵᠢᠯᠯᠠᠭ᠎ᠠ ︾ ᠪᠡᠭᠡᠵᠢᠩ ᠳᠤ ᠠᠮᠵᠢᠯᠲᠠ ᠲᠠᠢ ᠶᠠᠪᠤᠭᠳᠠᠪᠠ  ᠮᠠᠨ ᠤ ᠬᠤᠰᠢᠭᠤ ᠪᠣᠯᠤᠨ ᠪᠡᠭᠡᠵᠢᠩ ᠲᠢᠶᠠᠨᠵᠢᠨ ᠾᠧᠪᠧᠶ ᠣᠷᠣᠨ ᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠢᠴᠡᠳ ᠠᠭᠤᠳᠠᠯᠬᠤ ᠶᠢᠨ ᠲᠥᠯᠥᠭᠡ᠂ ᠪᠡᠭᠡᠵᠢᠩ ᠬᠤᠲᠠ ᠶᠢᠨ ᠰᠢ ᠴᠧᠩ ᠲᠣᠭᠤᠷᠢᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠬᠦᠴᠦᠲᠡᠶ ᠳᠡᠮᠵᠢᠯᠭᠡ ᠳᠣᠤᠷ᠎ᠠ᠂ 7 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ︽ᠳᠥᠷᠪᠡᠨ ᠤᠯᠠᠷᠢᠯ ᠤᠨ ᠡᠷᠡᠭᠦᠯᠵᠢᠯ ᠤᠨ ᠭᠠᠵᠠᠷ ᠤᠨ ᠦᠵᠡᠰᠬᠦᠯᠡᠩᠲᠦ ᠰᠠᠶᠢᠬᠠᠨ ᠬᠠᠷᠠᠴᠢᠨ︾ ᠢᠶᠠᠷ ᠭᠤᠤᠯ ᠰᠡᠳᠦᠪ ᠪᠣᠯᠭᠠᠭᠰᠠᠨ ︽ᠬᠠᠷᠠᠴᠢᠨ ᠬᠤᠰᠢᠭᠤ - ᠰᠢ ᠴᠧᠩ ᠲᠣᠭᠤᠷᠢᠭ ᠤᠨ ᠬᠠᠮᠵᠢᠯᠴᠠᠨ ᠬᠥᠭᠵᠢᠬᠦ ᠬᠤᠤᠰ ᠴᠢᠭᠯᠡᠯᠲᠦ ᠰᠣᠯᠢᠯᠴᠠᠭᠠᠨ ᠤ ᠠᠵᠢᠯᠯᠠᠭ᠎ᠠ︾ ᠪᠡᠭᠡᠵᠢᠩ ᠬᠤᠲᠠ ᠶᠢᠨ ᠰᠢ ᠴᠧᠩ ᠲᠣᠭᠤᠷᠢᠭ ᠲᠤ ᠶᠠᠪᠤᠭᠳᠠᠪᠠ᠃  ᠰᠣᠯᠢᠯᠴᠠᠭᠠᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠠᠶ ᠳᠤ᠂ ᠡᠮᠡᠭᠲᠡᠶᠢᠴᠦᠳ ᠤᠨ ᠭᠤᠴᠣᠯᠠᠯ ᠳᠠᠭᠤᠤ ︽ᠬᠥᠬᠡ ᠬᠤᠪᠴᠠᠰᠤ ᠪᠡᠭᠡᠵᠢᠩ︾᠂ ᠮᠣᠷᠢᠨ ᠬᠤᠭᠤᠷ ᠤᠨ ᠨᠠᠶᠢᠷᠠᠯ ᠬᠥᠭᠵᠢᠮ ︽ᠲᠦᠮᠡᠨ ᠠᠭᠲᠠ ᠶᠢᠨ ᠲᠦᠪᠡᠷᠭᠡᠨ︾ ᠵᠡᠷᠭᠡ ᠤᠷᠠᠨ ᠰᠠᠶᠢᠬᠠᠨ ᠤ ᠲᠣᠭᠯᠠᠯᠲᠠ ᠨᠢ ᠮᠠᠨ ᠤ ᠬᠤᠰᠢᠭᠤᠨ ᠤ ᠭᠦᠨ ᠵᠤᠵᠠᠭᠠᠨ ᠰᠣᠶᠣᠯ ᠤᠨ ᠠᠭᠤᠯᠬᠤᠨ ᠪᠠ ᠥᠪᠡᠷᠮᠢᠴᠡ ᠦᠨᠳᠦᠰᠦᠲᠡᠨ ᠤ ᠵᠠᠩ ᠦᠢᠯᠡ ᠶᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃  ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ ᠪᠠᠶᠠᠷ ᠤᠨ ᠦᠭᠡ ᠳᠡᠭᠡᠨ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠥᠪᠡᠷᠮᠢᠴᠡ ᠡᠬᠢ ᠪᠠᠶᠠᠯᠢᠭ᠂ ᠬᠥᠭᠵᠢᠯᠲᠡ ᠶᠢᠨ ᠠᠮᠵᠢᠯᠲᠠ ᠪᠦᠲᠦᠮᠵᠢ ᠪᠠ ᠢᠷᠡᠭᠡᠳᠦᠶ ᠶᠢᠨ ᠠᠯᠤᠰ ᠤᠨ ᠲᠥᠯᠥᠪ ᠢ ᠪᠥᠬᠦ ᠲᠠᠯ᠎ᠠ ᠪᠠᠷ ᠲᠠᠨᠢᠯᠴᠠᠭᠤᠯᠵᠤ᠂ ᠪᠡᠭᠡᠵᠢᠩ ᠬᠤᠲᠠ ᠶᠢᠨ ᠰᠢ ᠴᠧᠩ ᠲᠣᠭᠤᠷᠢᠭ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠠᠮᠲᠤ ᠪᠠᠷ ᠠᠰᠢᠭ ᠭᠥᠷᠳᠡᠬᠦ ᠴᠢᠩᠭ᠎ᠠ ᠬᠦᠰᠡᠯ ᠡᠷᠡᠮᠡᠯᠵᠡᠯ ᠢᠶᠠᠨ ᠦᠨᠡᠨ ᠰᠡᠳᠬᠢᠯ ᠠᠴᠠ ᠪᠠᠨ ᠢᠯᠡᠳᠬᠡᠪᠡ᠃ ᠬᠤᠰᠢᠭᠤᠨ ᠤ ᠬᠤᠳᠠᠯᠳᠤᠭᠠᠨ ᠤ ᠪᠠᠯᠠ ᠣᠷᠣᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠠᠴᠠ ᠪᠠᠨ ᠨᠠᠷᠢᠨ ᠨᠢᠮᠪᠠᠶ ᠲᠠᠨᠢᠯᠴᠠᠭᠤᠯᠪᠠ᠃ ᠪᠡᠭᠡᠵᠢᠩ ᠠᠴᠠ ᠢᠷᠡᠭᠰᠡᠨ ᠠᠵᠤ ᠠᠬᠤᠶᠢᠯᠠᠯ᠂ ᠨᠠᠰᠤᠲᠠᠶᠢᠴᠤᠳ ᠤᠨ ᠨᠡᠶᠢᠭᠡᠮᠯᠢᠭ ᠤᠨ ᠲᠥᠯᠥᠭᠡᠯᠡᠭᠴᠢ ᠵᠢᠴᠢ ᠲᠤᠰᠬᠠᠶ ᠮᠡᠷᠭᠡᠵᠢᠯᠲᠡᠨ ᠮᠠᠨ ᠤ ᠬᠤᠰᠢᠭᠤᠨ ᠤ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠤᠨ ᠠᠭᠤᠯᠬᠤᠨ ᠵᠢᠴᠢ ᠬᠥᠭᠵᠢᠯᠲᠡ ᠶᠢᠨ ᠳᠠᠯᠳᠠ ᠬᠦᠴᠦᠨ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠮᠠᠨ ᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠣᠷᠣᠨ ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠠᠵᠤ ᠦᠢᠯᠡᠰ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠮᠠᠰᠢ ᠣᠯᠠᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠲᠠᠪᠤᠨ ᠡᠳᠦᠷ ᠦᠷᠭᠦᠯᠵᠢᠯᠡᠬᠦ ᠪᠣᠯᠤᠨ᠎ᠠ᠃ ᠮᠠᠨ ᠤ ᠬᠤᠰᠢᠭᠤ ᠪᠡᠭᠡᠵᠢᠩ ᠤᠨ ᠬᠠᠮᠢᠶ᠎ᠠ ᠪᠥᠬᠦᠶ ᠠᠵᠤ ᠠᠬᠤᠶᠢᠯᠠᠯ ᠢ ᠭᠦᠨᠵᠡᠭᠡᠶ ᠰᠢᠨᠵᠢᠯᠡᠨ ᠪᠠᠶᠢᠴᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠮᠲᠤᠷᠠᠯᠴᠠᠭᠠᠨ ᠤ ᠰᠢᠨ᠎ᠡ ᠠᠵᠠ ᠲᠣᠬᠢᠶᠠᠯ ᠢ ᠬᠠᠶᠢᠨ ᠰᠦᠪᠡᠭᠴᠢᠯᠡᠵᠦ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠵᠠᠮ ᠢ ᠬᠠᠮᠲᠤ ᠪᠠᠷ ᠰᠦᠪᠡᠭᠴᠢᠯᠡᠬᠦ ᠪᠠᠷ ᠪᠠᠷᠠᠬᠤ ᠥᠬᠡᠶ ᠪᠠᠰᠠ ᠬᠠᠷᠠᠴᠢᠨ ᠬᠤᠰᠢᠭᠤᠨ ᠤ ᠥᠪᠡᠷᠮᠢᠴᠡ ᠷᠢᠳᠢ ᠰᠢᠳᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠂ ᠬᠤᠳᠠᠯᠳᠤᠭᠠᠴᠢᠳ ᠤᠨ ᠡᠪᠯᠡᠯ ᠵᠢᠴᠢ ᠳᠠᠯᠳᠠ ᠪᠠᠯᠠ ᠣᠷᠣᠭᠤᠯᠤᠭᠰᠠᠨ ᠠᠵᠤ ᠠᠬᠤᠶᠢᠯᠠᠯ ᠢ ᠢᠳᠡᠪᠬᠢᠲᠡᠶ ᠰᠤᠷᠪᠤᠯᠵᠢᠯᠠᠵᠤ᠂ ᠮᠠᠨ ᠤ ᠬᠤᠰᠢᠭᠤ ᠬᠢᠭᠡᠳ ᠪᠡᠭᠡᠵᠢᠩ ᠬᠤᠲᠠ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠬᠦ ᠶᠢ ᠴᠢᠷᠮᠠᠶᠢᠨ ᠠᠬᠢᠭᠤᠯᠬᠤ ᠪᠣᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号