ᠬᠠᠷᠠᠴᠢᠨ ᠬᠤᠰᠢᠭᠤ ᠣᠯᠠᠨ ᠲᠦᠮᠡᠨ ᠤ ᠣᠷᠣᠯᠴᠠᠬᠤ ᠶᠢ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠠᠰᠠᠯᠲᠠ ᠶᠢᠨ ᠴᠢᠬᠤᠯᠠ ᠭᠤᠭᠴᠤᠭ᠎ᠠ ᠪᠣᠯᠭᠠᠬᠤ ᠶᠢ ᠪᠠᠷᠢᠮᠲᠠᠯᠠᠵᠤ᠂ ᠬᠤᠪᠢ ᠬᠤᠷᠠᠮᠳᠤᠭᠤᠯᠬᠤ ᠲᠦᠷᠢᠮ ᠢ | ᠬᠡᠷᠡᠭᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠪᠡ᠃ | ᠨᠢᠭᠡ ᠳᠤ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠤᠪᠢ ᠬᠤᠷᠠᠮᠳᠤᠭᠤᠯᠬᠤ | ᠳᠦᠷᠢᠮ ᠤᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ︽ᠬᠠᠷᠠᠴᠢᠨ ᠬᠤᠰᠢᠭᠤᠨ ᠤ ᠨᠠᠮ ᠤᠨ | ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠬᠤᠪᠢ ᠬᠤᠷᠠᠮᠳᠤᠭᠤᠯᠬᠤ | ᠳᠦᠷᠢᠮ ᠤᠨ ᠬᠠᠮᠢᠶᠠᠷᠤᠯᠲᠠ ᠶᠢᠨ ᠵᠢᠯᠣᠭᠤᠳᠬᠤ ᠠᠷᠭ᠎ᠠ︾ ᠶᠢ ᠲᠣᠭᠲᠠᠭᠠᠵᠤ᠂ 6 ᠲᠠᠯ᠎ᠠ ᠶᠢᠨ 50 ᠵᠤᠷᠪᠤᠰ ᠬᠢᠨᠠᠨ | ᠲᠣᠭᠲᠠᠭᠠᠬᠤ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠵᠤ᠂ ᠵᠥᠪ ᠴᠢᠭᠯᠡᠯ ᠢᠶᠠᠷ ᠬᠤᠪᠢ ᠬᠤᠷᠠᠮᠳᠤᠭᠤᠯᠬᠤ ᠪᠠ | ᠰᠥᠭᠡᠷᠭᠦ ᠴᠢᠭᠯᠡᠯ ᠢᠶᠠᠷ ᠬᠤᠪᠢ ᠪᠠᠭᠠᠰᠬᠠᠬᠤ ᠬᠡᠯᠪᠡᠷᠢ ᠪᠠᠷ ᠨᠠᠮ ᠤᠨ ᠭᠡᠰᠢᠭᠦᠨ ᠤᠯᠠᠨ ᠲᠦᠮᠡᠨ ᠤ ᠵᠣᠬᠢᠶᠠᠨ | ᠪᠠᠶᠢᠭᠤᠯᠬᠤ ᠠᠵᠢᠯᠯᠠᠭ᠎ᠠ᠂ ᠲᠣᠰᠬᠤᠨ ᠤ ᠱᠠᠲᠤᠨ ᠤ ᠬᠡᠷᠡᠭ ᠶᠠᠪᠤᠳᠠᠯ᠂ ᠦᠢᠯᠡᠳᠪᠦᠷᠢᠯᠡᠯ ᠠᠮᠢᠳᠤᠷᠠᠯ ᠵᠡᠷᠭᠡ ᠶᠢ | ᠬᠡᠮᠵᠢᠶᠡᠵᠢᠭᠦᠯᠦᠨ ᠠᠳᠠᠯᠢᠳᠬᠠᠵᠤ᠂ ︽ᠠᠵᠢᠯᠯᠠᠭ᠎ᠠ ᠪᠠᠷ ᠢᠶᠠᠨ ᠬᠤᠪᠢ ᠬᠤᠷᠠᠮᠳᠤᠭᠤᠯᠵᠤ ᠡᠳ᠋ ᠪᠣᠳᠠᠰ ᠰᠣᠯᠢᠬᠤ︾᠂ | ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢ ︽ᠲᠣᠰᠬᠤᠨ ᠤ ᠶᠠᠪᠤᠳᠠᠯ︾ ᠠᠴᠠ ︽ᠭᠡᠷ ᠤᠨ | ᠶᠠᠪᠤᠳᠠᠯ︾ ᠪᠣᠯᠭᠠᠨ ᠬᠤᠪᠢᠷᠠᠭᠤᠯᠵᠤ᠂ ᠲᠣᠰᠬᠤᠨ ᠤ ᠠᠷᠠᠳ ᠤᠨ ᠣᠷᠣᠯᠴᠠᠬᠤ ᠤᠬᠠᠮᠰᠠᠷ ᠢ ᠭᠦᠢᠴᠡᠳ | ᠬᠥᠭᠵᠢᠭᠡᠪᠡ᠃ | |