ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠢᠨ᠎ᠡ ᠠᠷᠭ᠎ᠠ ᠬᠡᠮᠵᠢᠶ᠎ᠡ ᠪᠣᠯᠤᠭᠰᠠᠨ ᠤ | ᠬᠤᠪᠢ ᠳᠤ᠂ ︽ᠲᠠᠷᠢᠶᠠᠯᠠᠩ ᠰᠣᠶᠣᠯ + ᠵᠢᠭᠤᠯᠴᠢᠯᠠᠯ ᠡᠷᠡᠭᠦᠯᠵᠢᠯ ᠰᠤᠪᠢᠯᠠᠯᠲᠠ︾ ᠶᠢ ᠠᠭᠤᠰᠤᠯᠴᠠᠭᠤᠯᠤᠨ | ᠬᠥᠭᠵᠢᠭᠦᠯᠬᠦ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠢ ᠱᠠᠭᠠᠷᠳᠠᠯᠭ᠎ᠠ ᠳᠤ | ᠨᠡᠶᠢᠴᠡᠭᠦᠯᠬᠦ ᠶᠢᠨ ᠬᠠᠮᠲᠤ᠂ ᠠᠭᠤᠰᠤᠯᠴᠠᠭᠰᠠᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠰᠢᠨ᠎ᠡ ᠪᠦᠲᠦᠭᠡᠭᠳᠡᠬᠦᠨ ᠢ ᠵᠢᠷᠤᠵᠤ ᠲᠥᠯᠥᠪᠯᠡᠨ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠡᠭᠦᠳᠴᠦ | ᠂ ᠡᠯ᠎ᠡ ᠲᠦᠷᠦᠯ ᠤᠨ ᠡᠬᠢ ᠪᠠᠶᠠᠯᠢᠭ ᠤᠨ ᠳᠠᠪᠠᠭᠤᠯᠢᠭ ᠢᠶᠠᠷ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ | ᠪᠠᠶᠢᠷᠢᠰᠢᠯ ᠢ ᠨᠡᠶᠢᠳᠬᠡᠵᠦ ᠪᠦᠷᠢᠯᠳᠦᠭᠦᠯᠦᠨ᠎ᠡ᠃ | ᠨᠢᠭᠡ ᠳᠤ ︽ᠡᠷᠡᠭᠦᠯᠵᠢᠯ ᠰᠤᠪᠢᠯᠠᠯᠲᠠ + ᠵᠢᠭᠤᠯᠴᠢᠯᠠᠯ ᠰᠡᠯᠡᠭᠦᠴᠡᠯ︾ ᠢ ᠰᠢᠯᠢᠳᠡᠭᠵᠢᠭᠦᠯᠦᠨ᠎ᠡ᠃ 15 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 5A ᠲᠡᠰ ᠤᠨ ᠪᠠᠷᠢᠮᠵᠢᠶ᠎ᠠ ᠶᠣᠰᠣᠭᠠᠷ ᠮᠠ ᠠᠨ ᠱᠠᠨ ᠤ | ᠶᠡᠷᠦᠩᠬᠡᠶᠢᠯᠡᠭᠰᠡᠨ ᠦᠵᠡᠮᠵᠢ ᠶᠢᠨ ᠣᠷᠣᠨ ᠤ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ | ᠰᠠᠭᠤᠷᠢᠨ ᠭᠠᠵᠠᠷ᠂ ᠳ᠋ᠤᠤ ᠰᠢᠤᠢ ᠭᠸᠤ ᠶᠢᠨ ᠰᠡᠯᠡᠭᠦᠴᠡᠯ ᠤᠨ ᠠᠮᠠᠷᠠᠯᠲᠠ ᠶᠢᠨ ᠣᠷᠣᠨ᠂ ᠱᠤᠸᠠᠩ ᠹᠧᠩ ᠱᠠᠨ | ᠲᠠᠷᠢᠶᠠᠨ ᠭᠠᠵᠠᠷ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠢ ᠪᠠᠶᠢᠭᠤᠯᠵᠤ᠂ | ᠰᠣᠶᠣᠯ ᠰᠡᠯᠡᠭᠦᠴᠡᠯ᠂ ᠬᠤᠪᠢᠰᠬᠠᠯ ᠤᠨ ᠳᠤᠷᠠᠰᠬᠠᠯᠲᠤ ᠰᠤᠳᠤᠯᠭᠠᠨ᠂ ᠬᠥᠳᠡᠭᠡ ᠲᠣᠰᠬᠤᠨ ᠤ ᠵᠢᠭᠤᠯᠴᠢᠯᠠᠯ᠂ | ᠡᠷᠡᠭᠦᠯᠵᠢᠯ ᠰᠤᠪᠢᠯᠠᠯᠲᠠ ᠶᠢᠨ ᠠᠮᠠᠷᠠᠯᠲᠠ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠬᠥᠭᠵᠢᠭᠦᠯᠦᠨ᠎ᠡ᠃ ᠣᠳᠣᠬᠠᠨ ᠪᠣᠯᠲᠠᠯ᠎ᠠ᠂ ᠵᠢᠯ ᠳᠤ 500 ᠲᠦᠮᠡᠨ ᠬᠥᠮᠦᠨ ᠤᠳᠠᠭ᠎ᠠ ᠶᠢ ᠬᠦᠯᠢᠶᠡᠨ ᠠᠪᠴᠤ᠂ | ᠵᠢᠭᠤᠯᠴᠢᠯᠠᠯ ᠤᠨ ᠣᠷᠣᠯᠭ᠎ᠠ ᠶᠢ 20 ᠳ᠋ᠦᠩᠰᠢᠭᠤᠷ ᠲᠥᠭᠦᠷᠢᠭ ᠪᠡᠶᠡᠯᠡᠭᠦᠯᠪᠡ᠃ |