ᠬᠤᠶᠠᠷ ᠲᠤ᠂ ︽ᠠᠮᠢ ᠠᠬᠤᠶ ᠶᠢᠨ ᠲᠠᠮᠢᠷ ᠤᠨ ᠬᠥᠳᠡᠯᠭᠡᠭᠡᠨ ᠤ ᠡᠷᠡᠭᠦᠯᠵᠢᠯ ᠤᠨ ᠰᠤᠪᠢᠯᠠᠯᠲᠠ︾ ᠶᠢ ᠨᠠᠷᠢᠯᠢᠭ | ᠬᠢᠨ᠎ᠠ᠃ ᠶᠠ ᠲᠠᠢ ᠣᠯᠠᠨ ᠴᠢᠳᠠᠮᠵᠢᠲᠤ ᠣᠶ ᠰᠢᠭᠤᠶ ᠶᠢᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠮᠠᠶᠢᠷᠠᠨ | ᠭᠤᠤ ᠶᠢᠨ ᠥᠨᠳᠦᠷᠯᠢᠭ ᠤᠨ ᠪᠡᠶ᠎ᠡ ᠲᠠᠮᠢᠷ ᠤᠨ ᠰᠡᠯᠡᠭᠦᠴᠡᠯ ᠤᠨ ᠠᠮᠠᠷᠠᠯᠲᠠ ᠶᠢᠨ ᠣᠷᠣᠨ ᠤ ᠲᠣᠭᠤᠷᠢᠨ ᠳᠤ᠂ | ᠥᠪᠡᠷᠮᠢᠴᠡ ᠣᠨᠴᠠᠯᠢᠭ ᠲᠠᠢ ᠠᠭᠤᠯᠠᠷᠬᠠᠭ ᠣᠷᠣᠨ᠂ ᠣᠶ ᠰᠢᠭᠤᠶ᠂ ᠤᠰᠤᠨ ᠴᠣᠭᠴᠠ ᠵᠡᠷᠭᠡ ᠪᠠᠶᠢᠭᠠᠯᠢ ᠶᠢᠨ ᠡᠬᠢ | ᠪᠠᠶᠠᠯᠢᠭ ᠲᠤ ᠲᠦᠰᠢᠭᠯᠡᠨ᠂ ᠣᠶ ᠰᠢᠭᠤᠶ ᠶᠢᠨ ᠡᠵᠡᠩᠨᠡᠯᠲᠡ᠂ ᠬᠡᠭᠡᠷ᠎ᠡ ᠭᠠᠳᠠᠨ᠎ᠠ ᠬᠡᠭᠡᠷ᠎ᠡ ᠪᠠᠭᠤᠳᠠᠯᠯᠠᠬᠤ᠂ ᠮᠥᠰᠥ | ᠴᠠᠰᠤᠨ ᠤ ᠲᠠᠮᠢᠷ ᠤᠨ ᠬᠥᠳᠡᠯᠭᠡᠭᠡᠨ᠂ ᠶᠠᠪᠠᠭᠠᠨ ᠵᠢᠭᠤᠯᠴᠢᠯᠠᠯ ᠵᠡᠷᠭᠡ ᠬᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ | ᠪᠡᠶ᠎ᠡ ᠰᠤᠪᠢᠯᠠᠯᠲᠠ ᠶᠢᠨ ᠦᠢᠯᠡᠳᠬᠦᠨ ᠢ ᠭᠦᠨᠵᠡᠭᠡᠶ ᠨᠡᠭᠡᠭᠡᠨ ᠬᠥᠭᠵᠢᠭᠦᠯᠵᠦ᠂ ᠪᠥᠬᠦ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠲᠠᠩ ᠬᠠᠪᠲᠠᠰᠤᠨ | ᠴᠠᠰᠤᠨ ᠳᠤ ᠭᠤᠯᠭᠤᠬᠤ ᠳᠡᠯᠡᠬᠡᠶ ᠶᠢᠨ ᠤᠷᠤᠯᠳᠤᠭᠠᠨ᠂ ᠮᠥᠰᠥ ᠴᠠᠰᠤᠨ ᠤ ᠤᠷᠤᠯᠳᠤᠭᠠᠨ᠂ ᠮᠢᠩᠭᠠᠨ ᠬᠥᠮᠦᠨ ᠤ | ᠮᠠᠷᠠᠽᠤᠨ᠂ ᠮᠠᠶᠢᠷᠠᠨ ᠭᠤᠤ ᠶᠢᠨ ᠵᠢᠶᠠ ᠨᠢᠶᠠᠨ ᠬᠤᠸᠠ ᠵᠡᠷᠭᠡ ᠤᠷᠤᠯᠳᠤᠭᠠᠨ ᠤ ᠠᠵᠢᠯᠯᠠᠭ᠎ᠠ ᠶᠢ ᠥᠨᠳᠥᠷ | ᠲᠦᠪᠰᠢᠨ ᠢᠶᠠᠷ ᠡᠷᠭᠢᠯᠡᠬᠦ ᠪᠠ ᠳᠠᠭᠠᠭᠠᠴᠢᠯᠠᠨ ᠡᠷᠭᠢᠯᠡᠵᠦ᠂ ᠤᠷᠤᠯᠳᠤᠭᠠᠨ ᠢᠶᠠᠷ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠤᠷᠤᠯᠳᠤᠭᠠᠨ ᠢᠶᠠᠷ ᠵᠢᠭᠤᠯᠴᠢᠯᠠᠯ ᠢ ᠬᠠᠪᠰᠤᠷᠤᠨ᠂ ᠬᠠᠷᠠᠴᠢᠨ ᠤ ᠡᠷᠡᠭᠦᠯᠵᠢᠯ ᠰᠤᠪᠢᠯᠠᠯᠲᠠ ᠶᠢᠨ | ᠬᠥᠳᠡᠯᠭᠡᠭᠡᠨ ᠤ ᠨᠠᠷᠠᠲᠤ ᠲᠡᠮᠳᠡᠭᠲᠦ ᠶᠢ ᠪᠥᠬᠦ ᠲᠠᠯ᠎ᠠ ᠪᠠᠷ ᠪᠣᠶ ᠪᠣᠯᠭᠠᠪᠠ᠃ 2023 ᠣᠨ ᠳᠤ ᠡᠯ᠎ᠡ ᠲᠥᠷᠥᠯ ᠤᠨ | ᠤᠷᠤᠯᠳᠤᠭᠠᠨ ᠤ ᠠᠵᠢᠯᠯᠠᠭ᠎ᠠ ᠶᠢ ᠨᠡᠶᠢᠲᠡ 30 ᠭᠠᠷᠤᠶ ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ ᠨᠡᠶᠢᠲᠡ 2 | ᠲᠦᠮᠡ ᠭᠠᠷᠤᠶ ᠬᠥᠮᠦᠨ ᠤᠳᠠᠭ᠎ᠠ ᠣᠷᠣᠯᠴᠠᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 800 ᠭᠠᠷᠤᠶ | ᠲᠦᠮᠡᠨ ᠲᠥᠭᠦᠷᠢᠭ ᠨᠡᠮᠡᠭᠳᠡᠭᠦᠯᠬᠦ ᠶᠢ ᠳᠠᠶᠢᠴᠢᠯᠠᠪᠠ᠃ | ᠭᠤᠷᠪᠠ ᠳᠤ ︽ᠡᠷᠡᠭᠦᠯᠵᠢᠯ ᠰᠤᠪᠢᠯᠠᠯᠲᠠ ᠳᠤᠮᠳᠠᠳᠤ ᠮᠣᠩᠭᠤᠯ ᠤᠨ ᠲᠥᠪᠡᠳ ᠡᠮᠨᠡᠯᠭᠡ︾ ᠶᠢ | ᠪᠤᠵᠠᠭᠠᠶᠢᠷᠠᠭᠤᠯᠤᠨ᠎ᠠ᠃ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠪᠠ ᠥᠪᠡᠷᠮᠢᠴᠡ | ᠣᠨᠴᠠᠯᠢᠭ ᠲᠠᠢ ᠮᠣᠩᠭᠤᠯ ᠲᠥᠪᠡᠳ ᠡᠮᠨᠡᠯᠭᠡ ᠶᠢᠨ ᠡᠬᠢ ᠪᠠᠶᠠᠯᠢᠭ ᠲᠤ ᠲᠦᠰᠢᠭᠯᠡᠨ᠂ ᠶᠡᠷᠦᠩᠬᠡᠶ ᠪᠡᠯᠡ | ᠣᠷᠣᠭᠤᠯᠤᠯᠲᠠ ᠶᠢᠨ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ | ᠦᠢᠯᠡᠰ ᠤᠨ ᠬᠦᠷᠢᠶᠡᠯᠡᠩ ᠪᠠ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠮᠣᠩᠭᠤᠯ ᠲᠥᠪᠡᠳ | ᠡᠮᠨᠡᠯᠭᠡ ᠶᠢᠨ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠲᠦᠷᠭᠡᠬᠡᠨ ᠪᠠᠶᠢᠭᠤᠯᠤᠨ | ᠡᠵᠡᠩᠨᠡᠬᠦ ᠶᠢ ᠠᠬᠢᠭᠤᠯᠵᠤ᠂ ᠦᠢᠯᠡᠳᠬᠦᠨ ᠡᠳ᠋ᠰᠢᠭᠦᠯᠬᠦ᠂ ᠠᠷᠠᠯᠵᠢᠶᠠᠯᠠᠬᠤ ᠳᠡᠯᠭᠡᠨ ᠦᠵᠡᠭᠦᠯᠬᠦ᠂ ᠡᠮ ᠤᠨ ᠵᠦᠢᠯ ᠢ | ᠨᠡᠭᠡᠭᠡᠨ ᠬᠥᠭᠵᠢᠭᠦᠯᠬᠦ᠂ ᠪᠡᠶ᠎ᠡ ᠰᠤᠪᠢᠯᠠᠯᠲᠠ ᠡᠷᠡᠭᠦᠯ ᠮᠡᠨᠳᠦ ᠶᠢ ᠨᠢᠭᠡ ᠴᠤᠭᠴᠠᠵᠢᠭᠤᠯᠤᠭᠰᠠᠨ ᠳᠤᠮᠳᠠᠳᠤ ᠤᠯᠤᠰ ᠤᠨ | ᠤᠮᠠᠷᠠᠲᠤ ᠶᠢᠨ ᠡᠮ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠶᠢᠨ ᠰᠢᠨ᠎ᠡ ᠵᠠᠭᠪᠤᠷ ᠢ ᠪᠣᠶ ᠪᠣᠯᠭᠠᠨ᠎ᠠ᠃ | ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠳᠤ 100 ᠲᠦᠮᠡᠨ ᠬᠥᠮᠦᠨ ᠤᠳᠠᠭ᠎ᠠ ᠵᠤᠭᠠᠴᠠᠭᠰᠠᠳ ᠢ | ᠭᠥᠯᠢᠶᠡᠨ ᠠᠪᠴᠤ᠂ ᠣᠷᠣᠯᠭ᠎ᠠ ᠨᠢ 5 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠨ᠎ᠠ᠃ |