ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ | ᠣᠨᠴᠠᠯᠢᠭ ᠲᠤ ᠴᠢᠭᠯᠡᠭᠦᠯᠦᠨ ᠲᠥᠰᠦᠯ ᠢ ᠬᠢᠨᠠᠮᠠᠭᠠᠢ ᠲᠣᠭᠲᠠᠭᠠᠨ᠂ ᠯᠠᠪᠳᠠᠭᠤᠨ ᠪᠠᠲᠤᠲᠠᠢ ᠵᠣᠬᠢᠶᠠᠨ ᠪᠠᠢᠭᠤᠯᠤᠨ | ᠪᠠᠢᠷᠢᠯᠠᠭᠤᠯᠵᠤ᠂ ᠨᠡᠢᠭᠡᠮ ᠤᠨ ᠶᠡᠭᠡ ᠲᠠᠯ᠎ᠠ ᠶᠢᠨ ᠠᠮᠤᠷ ᠲᠦᠪᠱᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ | ᠬᠠᠮᠠᠭᠠᠯᠠᠨ᠎ᠠ᠃ | ᠨᠢᠭᠡ ᠳᠤ᠂ ᠭᠤᠣᠯᠳᠠᠯᠭ᠎ᠠ ᠲᠠᠢ ᠬᠡᠰᠡᠭ ᠢ ᠲᠣᠭᠤᠷᠢᠨ ᠡᠵᠡᠮᠳᠡᠵᠦ᠂ ᠵᠣᠨ ᠤ ᠤᠯᠠᠷᠢᠯ ᠤᠨ ︽ᠠᠮᠤᠷ ᠲᠦᠪᠰᠢᠨ ᠤ | ᠳ᠋ᠧᠩ︾ ᠢ ᠭᠡᠷᠡᠯᠳᠦᠬᠦᠯᠪᠡ᠃ ᠨᠠᠮ ᠵᠠᠰᠠᠭ ᠤᠨ ᠪᠠᠶᠢᠭᠤᠯᠭ᠎ᠠ᠂ ᠡᠮᠨᠡᠯᠭᠡ ᠶᠢᠨ ᠬᠤᠷᠢᠶᠠᠨ ᠤ ᠰᠤᠷᠭᠠᠭᠤᠯᠢ᠂ | ᠰᠥᠨᠢ ᠶᠢᠨ ᠵᠠᠬ᠎ᠠ ᠳᠡᠯᠭᠡᠭᠦᠷ ᠤᠨ ᠵᠢᠭᠰᠠᠭᠠᠯᠲᠠ᠂ ᠬᠤᠳᠠᠯᠳᠤᠭᠠᠨ ᠤ ᠵᠡᠭᠡᠯᠢ ᠲᠣᠭᠤᠷᠢᠭ ᠵᠡᠷᠭᠡ ᠭᠤᠤᠯᠳᠠᠯᠭ᠎ᠠ ᠲᠠᠢ | ᠬᠡᠰᠡᠭ ᠤᠨ ᠲᠣᠭᠤᠷᠢᠨ ᠳᠤ᠂ ︽ᠴᠠᠭᠳᠠᠭ᠎ᠠ ᠶᠢ ᠣᠯᠵᠤ ᠦᠵᠡᠬᠦ᠂ ᠴᠠᠭᠳᠠᠭᠠᠨ ᠤ ᠲᠡᠷᠭᠡ ᠶᠢ ᠣᠯᠵᠤ ᠦᠵᠡᠬᠦ᠂ | ᠴᠠᠭᠳᠠᠭᠠᠨ ᠤ ᠳ᠋ᠧᠩ ᠢ ᠣᠯᠵᠤ ᠦᠵᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠯᠡ ᠴᠢᠨᠠᠷᠲᠠᠶ ᠪᠠᠷ | ᠴᠠᠭᠳᠠᠭ᠎ᠠ᠂ ᠵᠡᠭᠡᠯᠢ ᠳᠡᠭᠡᠷᠡᠬᠢ ᠴᠠᠭᠳᠠᠭ᠎ᠠ ᠬᠡᠷᠡᠭᠯᠡᠬᠦ ᠶᠢ ᠪᠠᠷᠢᠮᠲᠠᠯᠠᠵᠤ᠂ ᠪᠠᠶᠢᠭᠤᠯᠤᠯᠭ᠎ᠠ ᠶᠢᠨ ᠠᠷᠠᠳ ᠤᠨ ᠲᠤᠰᠠᠯᠠᠬᠤ | ᠴᠠᠭᠳᠠᠭ᠎ᠠ ᠶᠢ ᠲᠠᠲᠠᠵᠤ ᠡᠮᠦᠨ᠎ᠡ ᠹᠷᠣᠨᠲ ᠤᠨ 16 ᠴᠠᠭᠳᠠᠭ᠎ᠠ ᠶᠢ ᠲᠤᠰᠠᠯᠠᠵᠤ᠂ ︽ᠰᠥᠨᠢ ᠶᠢᠨ ᠠᠵᠤ ᠠᠬᠤᠶ︾ | ᠶᠢᠨ ᠬᠥᠭᠵᠢᠶᠡᠨᠲᠡᠶ ᠣᠷᠣᠨ ᠪᠦᠰᠡ ᠶᠢᠨ ᠲᠣᠭᠤᠷᠢᠨ ᠡᠵᠡᠮᠳᠡᠬᠦ ᠬᠦᠴᠦᠨ ᠢ ᠦᠷᠭᠦᠯᠵᠢᠯᠡᠨ ᠵᠤᠵᠠᠭᠠᠳᠬᠠᠪᠠ᠃ ︽ | ᠪᠠᠶᠢᠳᠠᠯ ᠤᠨ ᠵᠢᠯᠣᠭᠤᠳᠤᠮᠵᠢ︾ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠲᠦᠰᠢᠭᠯᠡᠨ᠂ 5 ᠵᠠᠪᠠᠯ ᠲᠣᠭᠤᠷᠢᠨ | ᠴᠠᠭᠳᠠᠬᠤ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ 9 ᠬᠡᠷᠡᠭ ᠢ ᠵᠠᠪᠠᠯ ᠴᠡᠭ ᠲᠤ ᠬᠦᠷᠲᠡᠯ᠎ᠡ | ᠲᠣᠬᠢᠷᠠᠭᠤᠯᠵᠤ᠂ ᠴᠠᠭᠳᠠᠭᠠᠨ ᠤ ᠪᠠᠶᠢᠳᠠᠯ ᠳᠤ ᠪᠠᠶᠢᠴᠠᠭᠠᠯᠲᠠ ᠬᠢᠬᠦ ︽ᠢᠯᠴᠢ ᠶᠢᠨ ᠬᠦᠴᠦᠨ ᠤ ᠵᠢᠷᠤᠭ︾ ᠢ ᠴᠠᠭ | ᠲᠤᠬᠠᠢ ᠳᠤᠨᠢ ᠲᠣᠬᠢᠷᠠᠭᠤᠯᠵᠤ᠂ ︽ᠳᠠᠯᠠᠢ ᠳᠡᠭᠡᠷᠡᠬᠢ ᠵᠡᠭᠦᠦ︾ ᠶᠢ ︽ᠣᠷᠣᠨ ᠪᠦᠰᠡ ᠪᠠᠷ ᠪᠠᠷᠢᠬᠤ︾ ᠪᠣᠯᠭᠠᠨ | ᠬᠤᠪᠢᠷᠠᠭᠤᠯᠪᠠ᠃ |