ᠬᠠᠷᠠᠴᠢᠨ ᠬᠤᠰᠢᠭᠤ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠣᠨ ᠤ ᠤᠯᠠᠷᠢᠯ ᠤᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ ︵ᠬᠤᠶᠠᠷ︶
ᠨᠡᠶᠢᠲᠡᠯᠡᠭᠰᠡᠨ ᠴᠠᠭ᠄
2024/7/18
   ᠬᠤᠶᠠᠷ ᠲᠤ᠂ ᠨᠠᠷᠢᠯᠢᠭ ᠤᠨᠤᠪᠴᠢᠲᠠᠢ ᠪᠠᠷ ᠤᠬᠠᠭᠤᠯᠤᠨ ᠰᠡᠷᠭᠡᠶᠢᠯᠡᠬᠦ ᠬᠥᠮᠦᠵᠢᠯ ᠬᠢᠵᠦ᠂ ᠠᠮᠤᠷ ᠲᠦᠪᠰᠢᠨ ᠤ ︽ᠬᠠᠮᠠᠭᠠᠯᠠᠯᠲᠠ ᠶᠢᠨ ᠰᠢᠬᠦᠷ︾ ᠢ ᠪᠤᠰᠬᠠᠪᠠ᠃ ︽ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠᠷ ᠳᠡᠭᠡᠷᠡᠬᠢ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠨᠢᠭᠤᠷᠳᠠᠨ ᠤᠬᠠᠭᠤᠯᠬᠤ᠂ ᠤᠬᠠᠭᠤᠯᠭ᠎ᠠ ᠶᠢᠨ ᠤᠷᠢᠶ᠎ᠠ ᠡᠯᠭᠦᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠯᠠᠭᠠᠶᠢᠯᠠᠬᠤ ᠶᠢ ᠰᠡᠷᠭᠡᠶᠢᠯᠡᠬᠦ᠂ ᠮᠡᠬᠡᠯᠡᠬᠦ ᠶᠢ ᠰᠡᠷᠭᠡᠶᠢᠯᠡᠬᠦ᠂ ᠬᠤᠣᠷ ᠲᠠᠲᠠᠬᠤ ᠶᠢ ᠰᠡᠷᠭᠡᠶᠢᠯᠡᠬᠦ᠂ ᠵᠣᠭᠤᠰ ᠨᠠᠭᠠᠳᠬᠤ ᠶᠢ ᠰᠡᠷᠭᠡᠶᠢᠯᠡᠬᠦ ᠪᠠᠷ ᠭᠤᠣᠯ ᠰᠡᠳᠦᠪ ᠪᠣᠯᠭᠠᠭᠰᠠᠨ ᠲᠤᠰᠬᠠᠢ ᠰᠡᠳᠦᠪᠲᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠵᠢᠴᠢ ᠥᠪᠡᠷ ᠢ ᠪᠠᠨ ᠬᠠᠮᠠᠭᠠᠯᠠᠬᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠣᠲᠣ ᠪᠣᠯᠲᠠᠯ᠎ᠠ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠸᠢᠴᠠᠲ ᠤᠨ ᠲᠣᠭᠤᠷᠢᠭ ᠢ ᠠᠰᠢᠭᠯᠠᠨ 50 ᠭᠠᠷᠤᠶ ᠵᠤᠷᠪᠤᠰ ᠰᠠᠨᠠᠭᠤᠯᠤᠮᠵᠢ ᠶᠢᠨ ᠮᠡᠳᠡᠭᠡ ᠵᠠᠩᠭᠢ ᠬᠦᠷᠭᠡᠵᠦ᠂ 10 ᠭᠠᠷᠤᠶ ᠵᠤᠷᠪᠤᠰ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠨᠡᠶᠢᠲᠡ 1 ᠲᠦᠮᠡ ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ LED ᠳᠡᠯᠭᠡᠴᠡ ᠶᠢ ᠠᠰᠢᠭᠯᠠᠨ 200 ᠭᠠᠷᠤᠶ ᠵᠤᠷᠪᠤᠰ ᠤᠬᠠᠭᠤᠯᠭ᠎ᠠ ᠶᠢᠨ ᠤᠷᠢᠶ᠎ᠠ ᠨᠡᠪᠲᠡᠷᠡᠭᠦᠯᠵᠦ᠂ 2 ᠲᠦᠮᠡ ᠭᠠᠷᠤᠶ ᠬᠥᠮᠦᠨ ᠬᠥᠮᠦᠵᠢᠯ ᠭᠥᠷᠳᠡᠪᠡ᠃   ᠭᠤᠷᠪᠠ ᠳᠤ᠂ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ︽ᠥᠨᠳᠥᠷ ᠬᠦᠴᠦᠳᠡᠯᠲᠦ ᠤᠲᠠᠰᠤ︾ ᠶᠢ ᠪᠤᠰᠬᠠᠪᠠ᠃ ᠰᠠᠨᠠᠭᠠᠴᠢᠯᠠᠭ᠎ᠠ ᠠᠴᠠ ᠪᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠬᠦᠴᠦᠨ ᠢ ᠠᠰᠢᠭᠯᠠᠨ᠂ ᠳᠣᠲᠣᠭᠠᠳᠤ ᠶᠢ ᠬᠠᠮᠠᠭᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠤᠯ ᠬᠦᠴᠦᠨ ᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠰᠦᠪᠡᠭᠴᠢ ᠶᠢ ᠳᠠᠮᠵᠢᠭᠤᠯᠤᠨ ᠬᠦᠷᠭᠡᠬᠦ᠂ ᠴᠠᠭᠳᠠᠭᠠᠨ ᠤ ᠪᠠᠶᠢᠳᠠᠯ ᠢ ᠰᠤᠳᠤᠯᠤᠨ ᠮᠠᠭᠠᠳᠯᠠᠬᠤ ᠵᠡᠷᠭᠡ ᠪᠠᠷ ᠳᠠᠮᠵᠢᠭᠤᠯᠤᠨ ᠬᠡᠷᠡᠭ ᠤᠨ ᠡᠬᠢ ᠰᠦᠪᠡᠭᠴᠢ ᠶᠢ ᠴᠤᠭᠯᠠᠭᠤᠯᠵᠤ᠂ ᠲᠤᠰᠬᠠᠶ ᠵᠦᠢᠯ ᠢᠶᠠᠷ ᠡᠮᠬᠢᠯᠡᠨ ᠳᠢᠭᠯᠡᠵᠦ᠂ ᠨᠠᠷᠢᠨ ᠨᠢᠮᠪᠠᠶ ᠰᠤᠳᠤᠯᠤᠨ ᠮᠠᠭᠠᠳᠯᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠦᠨᠵᠡᠭᠡᠶ ᠠᠭᠤᠳᠠᠯᠤᠨ ᠲᠦᠢᠯᠪᠤᠷᠢᠲᠠᠶ ᠪᠠᠶᠢᠴᠠᠭᠠᠵᠤ᠂ ᠴᠢᠩᠭ᠎ᠠ ᠴᠣᠬᠢᠯᠲᠠ ᠥᠭᠪᠡ᠃ ᠣᠳᠣᠬᠠᠨ ᠳᠤ᠂ ᠨᠡᠶᠢᠲᠡ 2 ᠡᠷᠡᠭᠦᠦ ᠶᠢᠨ ᠬᠡᠷᠡᠭ ᠢ ᠪᠠᠶᠢᠭᠤᠯᠵᠤ᠂ 2 ᠵᠣᠭᠤᠰ ᠨᠠᠭᠠᠳᠬᠤ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠵᠦ᠂ 6 ᠵᠠᠰᠠᠭ ᠵᠠᠬᠢᠷᠭᠠᠨ ᠤ ᠬᠡᠷᠡᠭ ᠢ ᠭᠥᠯᠢᠶᠡᠨ ᠠᠪᠴᠤ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 202 ᠪᠠᠶᠢᠴᠠᠭᠠᠨ ᠭᠠᠷᠭᠠᠵᠠᠶ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号