2024 ᠣᠨ ᠤ ᠲᠣᠮᠣ ᠬᠡᠯᠪᠡᠷᠢ ᠶᠢᠨ ᠭᠤᠤᠯ ᠰᠡᠳᠦᠪᠲᠦ ᠪᠠᠶᠢᠴᠠᠭᠠᠨ ᠰᠤᠳᠤᠯᠤᠯᠲᠠ ᠮᠠᠨ ᠤ ᠬᠤᠰᠢᠭᠤᠨ ᠤ ᠮᠠ ᠠᠨ ᠱᠠᠨ ᠣᠶ ᠰᠢᠭᠤᠶ ᠶᠢᠨ ᠲᠠᠯᠠᠪᠠᠶ ᠪᠣᠯᠤᠨ ᠮᠠ ᠠᠨ ᠱᠠᠨ ᠲᠣᠰᠬᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/18
   7 ᠰᠠᠷ᠎ᠠ ᠶᠢᠨ 17 ᠤ ᠡᠳᠦᠷ᠂ ᠪᠦᠬᠦ ᠤᠯᠤᠰ ᠤᠨ ᠨᠠᠮ ᠤᠨ ᠰᠡᠳᠬᠦᠯ ᠤᠨ ᠣᠨ ᠤ ᠬᠤᠷᠠᠯ ᠵᠢᠴᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠥᠷ ᠮᠣᠩᠭᠤᠯ ᠳᠠᠬᠢ ᠦᠢᠯᠡᠳᠦᠯᠭᠡ︾ ᠭᠡᠬᠦ ᠲᠣᠮᠣ ᠬᠡᠯᠪᠡᠷᠢ ᠶᠢᠨ ᠭᠤᠤᠯ ᠰᠡᠳᠦᠪᠲᠦ ᠪᠠᠶᠢᠴᠠᠭᠠᠨ ᠰᠤᠳᠤᠯᠤᠯᠲᠠ ᠮᠠᠨ ᠤ ᠬᠤᠰᠢᠭᠤᠨ ᠤ ᠮᠠ ᠠᠨ ᠱᠠᠨ ᠣᠶ ᠰᠢᠭᠤᠶ ᠶᠢᠨ ᠲᠠᠯᠠᠪᠠᠶ ᠪᠣᠯᠤᠨ ᠮᠠ ᠠᠨ ᠱᠠᠨ ᠲᠣᠰᠬᠤᠨ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠠᠶ ᠮᠧᠶ ᠪᠠᠷ᠎ᠠ ᠪᠣᠯᠪᠠ᠃   ᠮᠠ ᠠᠨ ᠱᠠᠨ ᠣᠢ ᠰᠢᠭᠤᠶ ᠶᠢᠨ ᠲᠠᠯᠠᠪᠠᠶ ᠳᠤ᠂ ᠪᠦᠬᠦ ᠤᠯᠤᠰ ᠤᠨ 40 ᠭᠠᠷᠤᠶ ᠨᠠᠮ ᠤᠨ ᠰᠡᠳᠬᠦᠯ ᠤᠨ ᠬᠤᠷᠢᠶ᠎ᠠ᠂ 120 ᠭᠠᠷᠤᠶ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠪᠠᠷ ᠪᠦᠷᠢᠯᠳᠦᠭᠰᠡᠨ ᠰᠤᠷᠪᠤᠯᠵᠢᠯᠠᠬᠤ ᠪᠦᠯᠬᠦᠮ ᠨᠢ ᠲᠤᠬᠠᠶ ᠶᠢᠨ ᠲᠠᠯᠠᠪᠠᠢ ᠳᠤ ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠲᠤᠬᠠᠶ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠ ᠠᠨ ᠱᠠᠨ ᠣᠢ ᠰᠢᠭᠤᠶ ᠶᠢᠨ ᠲᠠᠯᠠᠪᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ᠂ ᠣᠶ ᠶᠢᠨ ᠬᠤᠷᠮᠣᠶ ᠶᠢᠨ ᠠᠵᠤ ᠠᠬᠤᠢ ᠶᠢᠨ ᠬᠥᠭᠵᠢᠯᠲᠡ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠮᠠ ᠠᠨ ᠱᠠᠨ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠤᠷᠪᠤᠯᠵᠢᠯᠠᠬᠤ ᠪᠦᠯᠬᠦᠮ ᠤᠨ ᠬᠢᠨ ᠲᠠᠨᠢᠯᠴᠠᠭᠤᠯᠭ᠎ᠠ ᠶᠢ ᠰᠣᠨᠣᠰᠬᠤ᠂ ᠤᠨᠴᠠᠯᠢᠬᠳᠤ ᠢᠳᠡᠭᠡᠨ ᠢ ᠠᠮᠲᠠᠯᠠᠬᠤ᠂ ᠲᠤᠬᠠᠢ ᠶᠢᠨ ᠲᠠᠯᠠᠪᠠᠢ ᠳᠤ ᠮᠠ ᠠᠨ ᠱᠠᠨ ᠲᠣᠰᠬᠤᠨ ᠤ ᠺᠠᠳ᠋ᠷ ᠤᠨ ᠭᠡᠷ᠂ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ᠂ ᠠᠵᠤ ᠦᠢᠯᠡᠰ ᠤᠨ ᠣᠷᠳᠣᠨ ᠢ ᠲᠣᠭᠤᠷᠢᠨ ᠦᠵᠡᠬᠦ᠂ ᠶᠡᠷᠦᠩᠬᠡᠢ ᠱᠦᠵᠢ ᠰᠢ ᠶᠢᠨ ᠫᠢᠩ ᠤᠨ ᠮᠠ ᠠᠨ ᠱᠠᠨ ᠲᠣᠰᠬᠤᠨ ᠤ ᠪᠠᠷᠢᠮᠲᠠᠲᠤ ᠹᠢᠯᠢᠮ ᠢ ᠦᠵᠡᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠡᠮᠡᠭᠡᠯ ᠠᠭᠤᠯᠠ ᠲᠣᠰᠬᠤᠨ ᠤ ᠦᠨᠳᠦᠰᠦᠲᠡᠨ ᠤ ᠪᠦᠯᠬᠦᠮᠳᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃   ᠰᠤᠷᠪᠤᠯᠵᠢᠯᠠᠬᠤ ᠪᠦᠯᠬᠦᠮ ᠤᠨ ᠬᠢᠨ ᠮᠠᠨ ᠤ ᠬᠤᠰᠢᠭᠤᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠥᠬᠡᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠯᠠᠰ ᠴᠡᠭ ᠦᠷ᠎ᠡ ᠪᠦᠲᠦᠮᠵᠢ ᠶᠢ ᠭᠦᠨᠵᠡᠭᠡᠶ ᠠᠭᠤᠳᠠᠯᠵᠤ᠂ ᠪᠣᠰᠤᠭ᠎ᠠ ᠴᠣᠭᠴᠠᠲᠤ᠂ ᠣᠯᠠᠨ ᠡᠰᠢᠵᠢᠭᠰᠡᠨ ᠤᠬᠠᠭᠤᠯᠭ᠎ᠠ ᠪᠠᠷ ᠳᠠᠮᠵᠢᠭᠤᠯᠤᠨ᠂ ᠬᠠᠷᠠᠴᠢᠨ ᠤ ᠬᠥᠭᠵᠢᠯᠲᠡ ᠶᠢᠨ ᠥᠯᠢᠭᠡᠷ ᠢ ᠴᠢᠷᠮᠠᠶᠢᠨ ᠰᠠᠶᠢᠲᠤᠷ ᠶᠠᠷᠢᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ ᠭᠡᠵᠦ ᠢᠯᠡᠳᠬᠡᠪᠡ᠃
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号