ᠬᠠᠷᠢᠶᠠᠲᠤ ᠣᠷᠣᠨ ᠤ ᠣᠯᠠᠨ ᠲᠦᠮᠡᠨ ᠤ ᠭᠠᠵᠢᠭᠤ ᠨᠣᠮᠯᠠᠯ ᠢ ᠲᠠᠨᠢᠬᠤ᠂ ᠭᠠᠵᠢᠭᠤ ᠨᠣᠮᠯᠠᠯ ᠢ ᠰᠡᠷᠭᠡᠶᠢᠯᠡᠬᠦ | ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ | ᠰᠠᠭᠤᠷᠢ ᠶᠢ ᠪᠠᠲᠤᠳᠬᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ ᠣᠯᠠᠨ ᠲᠠᠯ᠎ᠠ ᠪᠠᠷ | ᠬᠦᠴᠦᠯᠡᠵᠦ᠂ ︽ᠳᠥᠷᠪᠡᠨ︾ ᠭᠠᠵᠢᠭᠤ ᠨᠣᠮᠯᠠᠯ ᠢ ᠡᠰᠡᠷᠭᠦᠴᠡᠬᠦ ᠵᠠᠭᠪᠤᠷ ᠤᠨ ᠰᠢᠨ᠎ᠡ ᠶᠢ ᠡᠭᠦᠳᠦᠨ ᠪᠠᠶᠢᠭᠤᠯᠵᠤ᠂ | ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠲᠠᠯ᠎ᠠ ᠪᠠᠷ᠂ ᠣᠯᠠᠨ ᠲᠠᠰ | ᠳᠠᠪᠬᠤᠷᠭ᠎ᠠ ᠪᠠᠷ ᠳᠥᠯᠭᠢᠨ ᠠᠬᠢᠭᠤᠯᠪᠠ᠃ | ᠨᠢᠭᠡ ᠳᠤ᠂ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠠᠵᠢᠭᠤ ᠨᠣᠮᠯᠠᠯ ᠢ ᠡᠰᠡᠷᠭᠦᠴᠡᠬᠦ︾ | ᠵᠠᠭᠪᠤᠷ ᠢ ᠪᠠᠶᠢᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠨᠠᠮ ᠤᠨ ᠭᠡᠰᠢᠭᠦᠨ | ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠤᠨᠤᠯ ᠰᠤᠷᠤᠯᠴᠠᠬᠤ | ᠭᠤᠣᠯ ᠳᠤᠭᠤᠶᠢᠯᠠᠩ᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠶᠢ ᠭᠦᠢᠴᠡᠳ ᠠᠰᠢᠭᠯᠠᠨ ᠭᠠᠵᠢᠭᠤ | ᠨᠣᠮᠯᠠᠯ ᠢ ᠡᠰᠡᠷᠭᠦᠴᠡᠬᠦ ᠮᠡᠳᠡᠯᠭᠡ ᠶᠢ ᠲᠥᠪᠯᠡᠷᠡᠭᠦᠯᠦᠨ ᠰᠤᠷᠤᠯᠴᠠᠬᠤ ᠶᠢᠨ ᠬᠠᠮᠲᠤ ᠨᠠᠮ ᠤᠨ ᠭᠡᠰᠢᠭᠦᠨ ᠺᠠᠳ᠋ᠷᠴᠤᠳ ᠤᠨ | ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠳᠤᠮᠳᠠᠬᠢ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠵᠤ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠵᠥᠷᠢᠴᠡᠯ | ᠵᠢᠭᠤᠷᠠᠯᠳᠤᠭᠠᠨ ᠢ ᠠᠷᠢᠯᠭᠠᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ | ᠠᠵᠢᠯ ᠤᠨ ᠭᠦᠨᠵᠡᠭᠡᠢ ᠥᠷᠨᠢᠬᠦ ᠶᠢ ᠠᠬᠢᠭᠤᠯᠪᠠ᠃ | ᠬᠤᠶᠠᠷ ᠲᠤ᠂ ︽ᠣᠶᠤᠨ ᠤ ᠪᠣᠯᠪᠠᠰᠤᠨ ᠤ ᠭᠠᠵᠢᠭᠤ ᠨᠣᠮᠯᠠᠯ ᠢ ᠡᠰᠡᠷᠭᠦᠴᠡᠬᠦ︾ ᠵᠠᠭᠪᠤᠷ ᠢ ᠪᠠᠶᠢᠭᠤᠯᠵᠤ᠂ ︽ | ᠨᠣᠮ ᠤᠩᠰᠢᠬᠤ ᠬᠤᠷᠠᠯ︾᠂ ︽ᠴᠠᠶᠢᠯᠠᠯᠭ᠎ᠠ︾᠂ ︽ᠰᠢᠲᠠᠷ᠎ᠠ ᠶᠢᠨ ᠤᠷᠤᠯᠳᠤᠭᠠᠨ︾᠂ ︽ᠦᠳᠡᠰᠢᠯᠡᠭᠡ ᠶᠢᠨ | ᠲᠣᠭᠯᠠᠯᠲᠠ︾ ᠵᠡᠷᠭᠡ ᠡᠷᠡᠭᠦᠯ ᠥᠭᠡᠳᠡᠷᠬᠡᠭ ᠰᠣᠶᠣᠯ ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠠᠵᠢᠯᠯᠠᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠡᠷᠢᠭᠦᠨ ᠤ ᠰᠣᠶᠣᠯ ᠢᠶᠠᠷ ᠲᠠᠷᠢᠬᠢ | ᠲᠣᠯᠣᠭᠠᠶ ᠪᠠᠨ ᠲᠡᠭᠦᠯᠳᠡᠷᠵᠢᠭᠦᠯᠦᠨ᠂ ᠣᠯᠠᠨ ᠲᠦᠮᠡᠨ ᠤ ᠭᠠᠵᠢᠭᠤ ᠨᠣᠮᠯᠠᠯ ᠢ ᠰᠡᠷᠭᠡᠶᠢᠯᠡᠵᠦ ᠭᠠᠵᠢᠭᠤ ᠨᠣᠮᠯᠠᠯ ᠢ | ᠡᠰᠡᠷᠭᠦᠴᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ᠨᠢᠭᠡᠨᠲᠡ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ᠳᠤ ᠲᠦᠰᠢᠭᠯᠡᠨ ᠡᠷᠡᠭᠦᠯ ᠥᠭᠡᠳᠡᠷᠬᠡᠭ ᠰᠣᠶᠣᠯ ᠪᠡᠶ᠎ᠡ ᠶᠢᠨ ᠲᠠᠮᠢᠷ ᠤᠨ | ᠵᠤᠭ᠎ᠠ ᠴᠡᠩᠭᠡᠯ ᠤᠨ ᠠᠵᠢᠯᠯᠠᠭ᠎ᠠ ᠶᠢ ᠨᠡᠶᠢᠲᠡ 20 ᠭᠠᠷᠤᠶ ᠤᠳᠠᠭ᠎ᠠ ᠥᠷᠨᠢᠭᠦᠯᠪᠡ᠃ |