ᠭᠤᠷᠪᠠ ᠳᠤ᠂ ︽ᠲᠣᠣᠷᠵᠢᠭᠤᠯᠤᠭᠰᠠᠨ ᠬᠠᠮᠢᠶᠠᠷᠤᠯᠲᠠ ᠶᠢᠨ ᠭᠠᠵᠢᠭᠤ ᠨᠣᠮᠯᠠᠯ ᠢ ᠡᠰᠡᠷᠭᠦᠴᠡᠬᠦ︾ ᠵᠠᠭᠪᠤᠷ ᠢ | ᠪᠠᠶᠢᠭᠤᠯᠵᠤ᠂ ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢᠶᠠᠷ ᠭᠠᠷᠳᠠᠴᠠ ᠪᠣᠯᠭᠠᠵᠤ᠂ | ᠲᠣᠣᠷᠵᠢᠭᠤᠯᠤᠭᠴᠢ ᠳᠤ ᠲᠦᠰᠢᠭᠯᠡᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠳᠤᠮᠳᠠ ︽ᠪᠣᠯᠪᠠᠰᠤᠷᠠᠩᠭᠤᠶ | ᠪᠤᠯᠭᠤᠮᠵᠢᠲᠠᠢ᠂ ᠪᠣᠯᠪᠠᠰᠤᠷᠠᠩᠭᠤᠶ ᠪᠤᠯᠭᠤᠮᠵᠢᠳᠠᠢ ᠪᠠᠶᠢᠬᠤ︾ ᠭᠤᠷᠪᠠᠨ ᠶᠡᠭᠡ ᠳᠠᠪᠠᠭᠤᠯᠢᠭ ᠲᠤ ᠲᠦᠰᠢᠭᠯᠡᠨ᠂ | ᠲᠣᠣᠷᠵᠢᠭᠤᠯᠤᠭᠴᠢ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠬᠠᠮᠵᠢᠯᠴᠠᠨ ᠬᠠᠮᠢᠶᠠᠷᠤᠨ ᠡᠵᠡᠮᠳᠡᠬᠦ᠂ ᠤᠯᠠᠨ | ᠲᠦᠮᠡᠨ ᠳᠤ ᠦᠢᠯᠡᠴᠢᠯᠡᠬᠦ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠦᠭᠡ ᠳᠤ ᠣᠷᠣᠵᠤ | ᠤᠬᠠᠭᠤᠯᠤᠨ᠂ ᠤᠳᠤ ᠨᠢᠭᠡᠨᠲᠡ ᠭᠠᠵᠢᠭᠤ ᠨᠣᠮᠯᠠᠯ ᠢ ᠡᠰᠡᠷᠭᠦᠴᠡᠬᠦ ᠰᠤᠷᠪᠤᠯᠵᠢᠯᠠᠬᠤ ᠠᠵᠢᠯᠯᠠᠭ᠎ᠠ ᠶᠢ ᠨᠡᠶᠢᠳᠡ 20 | ᠭᠠᠷᠤᠢ ᠤᠳᠠᠭ᠎ᠠ ᠵᠣᠬᠢᠶᠠᠨ ᠪᠠᠶᠢᠭᠤᠯᠪᠠ᠃ | ᠳᠥᠷᠪᠡ ᠳᠤ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠵᠢᠭᠤ | ᠨᠣᠮᠯᠠᠯ ᠢ ᠡᠰᠡᠷᠭᠦᠴᠡᠬᠦ︾ ᠵᠠᠭᠪᠤᠷ ᠢ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯᠯᠠᠭ᠎ᠠ ᠲᠠᠢ ᠭᠦᠢᠴᠡᠳ ᠤᠶᠠᠯᠳᠤᠭᠤᠯᠤᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ | ᠢᠳᠡᠪᠬᠢᠲᠡᠶ ᠥᠷᠨᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ | ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠭᠠᠵᠢᠭᠤ ᠨᠣᠮᠯᠠᠯ ᠢ ᠡᠰᠡᠷᠭᠦᠴᠡᠬᠦ | ᠰᠡᠷᠡᠮᠵᠢᠯᠡᠭᠦᠯᠬᠦ ᠬᠥᠮᠦᠵᠢᠯ ᠤᠨ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠲᠤᠰᠬᠠᠶ | ᠰᠡᠳᠦᠪᠲᠦ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠰᠢᠨᠵᠢᠯᠡᠬᠦ ᠤᠬᠠᠭᠠᠨ ᠢ ᠡᠷᠬᠢᠮᠯᠡᠬᠦ᠂ | ᠬᠠᠤᠯᠢ ᠲᠦᠷᠢᠮ ᠢ ᠡᠷᠬᠢᠮᠯᠡᠬᠦ᠂ ᠭᠠᠵᠢᠭᠤ ᠨᠣᠮᠯᠠᠯ ᠢ ᠡᠰᠡᠷᠭᠦᠴᠡᠬᠦ︾ ᠰᠠᠶᠢᠨ ᠰᠠᠶᠢᠬᠠᠨ ᠠᠭᠤᠷ ᠠᠮᠢᠰᠬᠤᠯ ᠢ | ᠬᠦᠴᠦᠯᠡᠨ ᠪᠣᠶ ᠪᠣᠯᠭᠠᠪᠠ᠃ | ᠣᠲᠣ ᠪᠣᠯᠲᠠᠯ᠎ᠠ᠂ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠨᠡᠶᠢᠲᠡ 20 | ᠭᠠᠷᠤᠶ ᠤᠳᠠᠭ᠎ᠠ ᠵᠣᠬᠢᠶᠠᠨ ᠪᠠᠶᠢᠭᠤᠯᠤᠨ ᠦᠵᠡᠵᠦ᠂ ᠤᠬᠠᠭᠤᠯᠭ᠎ᠠ ᠶᠢᠨ ᠬᠠᠭᠤᠳᠠᠰᠤ 15000 ᠭᠠᠷᠤᠶ ᠬᠠᠭᠤᠳᠠᠰᠤ | ᠲᠠᠷᠬᠠᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯᠯᠠᠭ᠎ᠠ ᠶᠢ 20 ᠭᠠᠷᠤᠶ ᠤᠳᠠᠭ᠎ᠠ ᠥᠷᠨᠢᠭᠦᠯᠪᠡ᠃ |