ᠮᠠᠨ ᠤ ᠬᠤᠰᠢᠭᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
ᠮᠠᠨ ᠤ ᠬᠤᠰᠢᠭᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ  7 ᠰᠠᠷ᠎ᠠ ᠶᠢᠨ 24 ᠤ ᠡᠳᠦᠷ᠂ ᠮᠠᠨ ᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠧᠩ ᠬᠤᠩ ᠬᠤᠷᠠᠯ ᠡᠷᠬᠢᠯᠡᠨ ᠶᠠᠷᠢᠶ᠎ᠠ ᠲᠠᠯᠪᠢᠵᠠᠶ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠵᠢᠩᠬᠢᠨᠢ ᠲᠤᠰᠢᠶᠠᠯᠲᠠᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠲᠦ ᠣᠷᠣᠯᠴᠠᠵᠠᠶ᠃  ᠬᠤᠷᠠᠯ ᠠᠴᠠ ︽ᠬᠠᠷᠠᠴᠢᠨ ᠬᠤᠰᠢᠭᠤᠨ ᠤ 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠲᠠᠶᠢᠯᠪᠤᠷᠢᠯᠠᠬᠤ ᠶᠢᠨ ᠬᠠᠮᠲᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠵᠢᠴᠢ ᠰᠡᠭᠦᠯᠴᠢ ᠶᠢᠨ ᠦᠨᠡᠯᠡᠨ ᠵᠢᠱᠢᠬᠦ ᠪᠡᠯᠡᠳᠬᠡᠯ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃   ᠬᠤᠷᠠᠯ ᠠᠴᠠ ᠵᠢᠭᠠᠵᠤ ᠭᠠᠷᠭᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠳᠲᠡᠷ ᠲᠦᠷᠭᠡᠨ ᠬᠥᠳᠡᠯᠦᠯᠴᠡᠨ ᠠᠵᠢᠯ ᠢᠶᠠᠨ ᠥᠷᠨᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠲᠠᠷᠠᠭᠤᠯᠤᠨ᠂ ᠠᠵᠢᠯ ᠤᠨ ᠪᠠᠶᠢᠳᠠᠯ ᠢᠶᠠᠨ ᠪᠥᠬᠦ ᠲᠠᠯ᠎ᠠ ᠪᠠᠷ ᠳᠣᠭᠢᠷᠠᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠪᠡᠯᠡᠳᠬᠡᠯ ᠢ ᠭᠦᠢᠴᠡᠳ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠢᠶᠠᠷ ᠬᠦᠷᠦᠯᠴᠡᠬᠦ ᠦᠭᠡᠢ᠂ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠠᠳᠬᠤᠵᠤ᠂ ᠪᠦᠬᠦᠯᠢ ᠴᠣᠭᠴᠠ ᠶᠢᠨ ᠠᠵᠢᠯ ᠤᠨ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠬᠦ ᠬᠡᠷᠡᠭᠲᠡᠢ ᠭᠡᠵᠠᠢ᠃  ᠬᠤᠷᠠᠯ ᠠᠴᠠ ᠴᠢᠩᠭᠠᠳᠬᠠᠭᠰᠠᠨ ᠨᠢ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠵᠤ ᠦᠨᠡᠯᠡᠨ ᠵᠢᠱᠢᠬᠦ ᠳᠤ ᠬᠠᠷᠢᠭᠤ ᠲᠤᠰᠬᠠᠭᠰᠠᠨ ᠠᠰᠠᠭᠤᠳᠠᠯ ᠲᠠᠢ ᠴᠢᠩᠭ᠎ᠠ ᠬᠠᠷᠢᠴᠠᠭᠤᠯᠤᠨ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠵᠥᠷᠢᠶ᠎ᠡ ᠶᠢ ᠡᠷᠢᠨ ᠭᠠᠷᠭᠠᠵᠤ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠪᠠᠯᠠ ᠮᠥᠩᠭᠦ ᠰᠠᠯᠭᠠᠨ ᠥᠭᠬᠦ ᠶᠢ ᠵᠣᠯᠭᠠᠭᠤᠯᠬᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠲᠥᠪᠯᠡᠷᠡᠭᠦᠯᠦᠨ ᠤᠶᠢᠯᠠᠭᠠᠨ ᠵᠢᠭᠰᠠᠭᠠᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ ᠬᠦᠨᠳᠦ ᠪᠡᠷᠬᠡ ᠡᠭᠦᠷᠭᠡ ᠶᠢᠨ ᠲᠠᠯ᠎ᠠ ᠪᠠᠷ ᠦᠨᠡᠯᠡᠨ ᠵᠢᠱᠢᠬᠦ ᠠᠭᠤᠯᠭ᠎ᠠ ᠪᠠ ᠬᠢᠨᠠᠨ ᠰᠢᠯᠭᠠᠬᠤ ᠪᠠᠷᠢᠮᠵᠢᠶ᠎ᠠ ᠶᠢ ᠨᠡᠪᠲᠡᠷᠬᠡᠶ ᠣᠶᠢᠯᠠᠭᠠᠬᠤ ᠬᠡᠷᠡᠭᠲᠡᠶ᠃ ᠨᠢᠭᠡᠳᠦᠯᠲᠡᠶ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠬᠦ ᠪᠠ ᠡᠭᠦᠷᠭᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ ᠂ ᠬᠤᠰᠢᠭᠤᠨ ᠳᠡᠰ ᠦᠨ ᠤᠳᠤᠷᠢᠳᠤᠯᠭ᠎ᠠ ᠨᠢᠭᠡᠳᠦᠯᠲᠡᠶ ᠠᠳᠬᠤᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢᠭᠡᠳᠦᠯᠲᠡᠶ ᠲᠥᠯᠥᠪᠯᠡᠬᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠣᠷᠣᠯᠴᠠᠬᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠨᠠᠶᠢᠳᠠᠪᠤᠷᠢᠵᠢᠭᠤᠯᠬᠤ ᠣᠯᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠦᠨᠡᠨ ᠬᠦ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠬᠤ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠶ᠃  ᠬᠤᠷᠠᠯ ᠠᠴᠠ ᠴᠢᠬᠤᠯᠠᠴᠢᠯᠠᠭᠰᠠᠨ ᠨᠢ ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠤᠯᠯᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠡᠷᠬᠡᠪᠰᠢ ᠪᠡᠶ᠎ᠡ ᠪᠠᠷ ᠢᠶᠠᠨ ᠰᠤᠳᠤᠯᠵᠤ᠂ ᠪᠠᠶᠢᠷᠢᠯᠠᠭᠤᠯᠵᠤ᠂ ᠠᠬᠢᠭᠤᠯᠬᠤ ᠬᠡᠷᠡᠭᠲᠡᠶ︔ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ᠂ ᠬᠦᠴᠢᠷᠳᠡᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠶ︔ ᠲᠣᠰᠬᠤᠨ ᠳᠤ ᠰᠠᠭᠤᠭ᠎ᠠ ᠠᠵᠢᠯ ᠤᠨ ᠡᠩᠨᠡᠭᠡ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠪᠠ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠡᠮᠬᠢᠯᠡᠨ ᠬᠤᠷᠢᠶᠠᠩᠭᠤᠶᠢᠯᠠᠬᠤ᠂ ᠲᠠᠩᠰᠠ ᠡᠪᠬᠡᠮᠡᠯ ᠢ ᠡᠮᠬᠢᠯᠡᠬᠦ᠂ ᠲᠥᠷᠥ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠡᠭᠦᠯᠴᠢ ᠶᠢᠨ ᠦᠨᠡᠯᠡᠨ ᠵᠢᠱᠢᠬᠦ ᠬᠤᠭᠤᠴᠠᠭᠠᠨ ᠳᠤ ᠶᠠᠷᠢᠯᠴᠠᠬᠤ ᠪᠠ ᠲᠣᠰᠬᠤᠨ ᠳᠤ ᠣᠷᠣᠵᠤ ᠡᠷᠦᠬᠡ ᠳᠤ ᠣᠷᠣᠵᠤ ᠬᠢᠨᠠᠨ ᠪᠠᠶᠢᠴᠠᠭᠠᠬᠤ ᠵᠡᠷᠭᠡ ᠡᠯ᠎ᠡ ᠵᠦᠢᠯ ᠤᠨ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ︔ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠨᠡᠷ ᠲᠦᠷᠦᠭᠦᠯᠡᠨ ᠶᠡᠷᠦᠩᠬᠡᠶᠢᠯᠡᠨ ᠠᠳᠬᠤᠬᠤ᠂ ᠵᠠᠳᠠᠯᠤᠨ ᠨᠠᠶᠢᠳᠠᠪᠤᠷᠢᠵᠢᠭᠤᠯᠬᠤ᠂ ᠵᠣᠬᠢᠴᠠᠭᠤᠯᠤᠨ ᠲᠣᠬᠢᠷᠠᠭᠤᠯᠬᠤ᠂ ᠠᠩᠬᠠᠷᠤᠨ ᠭᠦᠢᠴᠡᠳᠬᠡᠬᠦ ᠠᠵᠢᠯ ᠤᠨ ᠪᠠᠷᠢᠮᠵᠢᠶ᠎ᠠ ᠶᠢ ᠰᠠᠶᠢᠲᠤᠷ ᠪᠠᠳᠠᠷᠠᠭᠤᠯᠵᠤ᠂ ᠡᠭᠦᠷᠭᠡᠯᠡᠬᠦ ᠶᠣᠰᠣᠲᠠᠢ ᠶᠢ ᠨᠢ ᠡᠭᠦᠷᠭᠡᠯᠡᠵᠦ᠂ ᠨᠢᠭᠡᠳᠬᠡᠬᠦ ᠶᠣᠰᠣᠲᠠᠢ ᠶᠢ ᠨᠢ ᠬᠢᠨᠠᠨ ᠵᠢᠯᠣᠭᠤᠳᠬᠤ ᠬᠡᠷᠡᠭᠲᠡᠢ︔ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠨᠢᠭᠡᠳ ᠨᠢᠭᠡ ᠪᠠᠷ ᠠᠬᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ︽ᠬᠢᠨᠠᠨ ᠰᠢᠯᠭᠠᠬᠤ ᠶᠢᠨ ᠬᠤᠯᠪᠣᠭᠠᠯᠠᠨ ᠬᠥᠳᠡᠯᠦᠯᠴᠡᠬᠦ︾ ᠵᠢᠯᠣᠭᠤᠳᠬᠤ ᠰᠢᠳᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠠᠷ ᠠᠯᠪᠠᠨ ᠭᠡᠷ ᠤᠨ ︽ᠬᠢᠨᠠᠨ ᠪᠠᠶᠢᠴᠠᠭᠠᠬᠤ ᠲᠠᠰᠤᠭ︾᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠣᠬᠢᠶᠠᠨ ᠪᠠᠶᠢᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠤᠳ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠱᠠᠯᠠᠪᠳᠠᠭᠤᠯᠤᠨ ᠪᠠᠶᠢᠴᠠᠭᠠᠬᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠭᠡᠳᠡᠷᠭᠦ ᠰᠢᠬᠠᠮᠳᠠᠭᠤᠯᠵᠤ᠂ ᠰᠢᠯᠢᠳᠡᠭ ᠬᠢᠷᠢ ᠪᠦᠲᠦᠮᠵᠢ ᠪᠠᠷ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠠᠢ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号