ᠬᠠᠷᠠᠴᠢᠨ ᠬᠤᠰᠢᠭᠤ ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ︵ | ᠴᠡᠭ︶ ᠶᠢᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠡᠮ ᠡᠮᠨᠡᠯᠭᠡ ᠶᠢᠨ ᠳᠠᠭᠠᠳᠬᠠᠯ ᠤᠨ ︽ᠦᠵᠡᠭᠳᠡᠬᠦ︾ | ᠦᠢᠯᠡᠴᠢᠯᠡᠭᠡ ᠶᠢ ᠶᠡᠬᠡᠪᠡᠷ ᠳᠡᠯᠭᠡᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ | ᠦᠢᠯᠡᠴᠢᠯᠡᠭᠡ ᠶᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠪᠠ᠃ | ᠨᠢᠭᠡ ᠳᠤ᠂ ᠲᠤᠰᠬᠠᠶ ᠠᠵᠢᠯᠲᠠᠨ ᠲᠣᠬᠢᠷᠠᠭᠤᠯᠵᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ | ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠴᠣᠩᠬᠤᠨ ᠳᠤ ᠲᠤᠰᠬᠠᠶ ᠲᠤᠰᠢᠶᠠᠯᠲᠤ ᠠᠵᠢᠯᠲᠠᠨ 2 ᠲᠣᠬᠢᠷᠠᠭᠤᠯᠵᠤ᠂ ︽ | ᠦᠵᠡᠭᠳᠡᠬᠦ︾ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠵᠦ᠂ ᠳᠠᠭᠠᠳᠬᠠᠯ ᠳᠤ | ᠣᠷᠣᠯᠴᠠᠭᠰᠠᠨ ᠣᠯᠠᠨ ᠲᠦᠮᠡᠨ ᠸᠢᠳᠢᠣ᠋ ᠪᠠᠷ ᠳᠠᠮᠵᠢᠭᠤᠯᠤᠨ ᠠᠵᠢᠯᠲᠠᠨ ᠲᠠᠢ ︽ᠨᠢᠭᠤᠷᠳᠠᠨ︾᠂ ᠲᠤᠬᠠᠶᠢᠯᠠᠭᠰᠠᠨ | ᠠᠵᠢᠯ ᠢ ᠭᠦᠢᠴᠡᠳᠭᠡᠬᠦ ᠳᠤ ᠳᠥᠭᠦᠮ ᠳᠥᠲᠡ᠂ ᠰᠢᠭᠤᠳ ᠦᠵᠡᠬᠦ ᠳᠤ ᠥᠨᠳᠥᠷ ᠪᠦᠲᠦᠮᠵᠢᠲᠡᠶ ᠪᠠᠶᠢᠬᠤ ᠶᠢ | ᠪᠡᠶᠡᠯᠡᠭᠦᠯᠵᠦ ᠪᠣᠯᠤᠨ᠎ᠠ᠃ | ᠬᠤᠶᠠᠷ ᠲᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠰᠠᠶᠢᠲᠤᠷ ᠬᠢᠵᠦ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠪᠡ᠃ ᠡᠮᠴᠢᠯᠡᠭᠡᠨ ᠤ ᠳᠠᠭᠠᠳᠬᠠᠯ ᠤᠨ ᠦᠨᠳᠦᠰᠦᠨ ᠱᠠᠲᠤᠨ ᠤ ᠭᠠᠷᠲᠠᠨ ᠭᠦᠢᠴᠡᠳᠭᠡᠬᠦ ᠠᠵᠢᠯᠲᠠᠨ ᠢ | ᠵᠣᠬᠢᠶᠠᠨ ᠪᠠᠶᠢᠭᠤᠯᠤᠨ ︽ᠦᠵᠡᠭᠳᠡᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠶᠢᠨ ᠬᠠᠮᠲᠤ᠂ ︽ | ᠦᠵᠡᠭᠳᠡᠬᠦ︾ ᠠᠵᠢᠯᠯᠠᠭᠠᠨ ᠤ ᠶᠠᠪᠤᠴᠠ ᠶᠢᠨ ᠵᠢᠵᠢᠭ ᠸᠢᠳᠢᠣ᠋ ᠶᠢ ᠵᠣᠬᠢᠶᠠᠵᠤ ᠤᠬᠠᠭᠤᠯᠤᠨ ᠳᠡᠯᠭᠡᠷᠡᠭᠦᠯᠵᠦ᠂ ︽ | ᠦᠵᠡᠭᠳᠡᠬᠦ︾ ᠦᠢᠯᠡᠴᠢᠯᠡᠭᠡ ᠶᠢ ᠠᠰᠢᠭᠯᠠᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ︽ᠦᠵᠡᠭᠳᠡᠬᠦ︾ | ᠦᠢᠯᠡᠴᠢᠯᠡᠭᠡᠨ ᠤ ᠨᠣᠷᠮ᠎ᠠ ᠶᠢ ᠳᠡᠭᠡᠭᠰᠢᠯᠡᠭᠦᠯᠪᠡ᠃ ᠨᠡᠶᠢᠲᠡ 3 ᠤᠳᠠᠭ᠎ᠠ᠂ 165 ᠬᠦᠮᠦᠨ ᠤᠳᠠᠭ᠎ᠠ ᠪᠣᠯᠪᠠᠰᠤᠷᠠᠯ | ᠥᠷᠨᠢᠭᠦᠯᠪᠡ᠃ | ᠭᠤᠷᠪᠠ ᠳᠤ᠂ ︽ᠦᠵᠡᠭᠳᠡᠮᠡᠯ ᠮᠠᠶ᠋ᠢᠭ︾ ᠤᠨ ᠬᠡᠷᠡᠭᠯᠡᠬᠦ ᠨᠣᠷᠮ᠎ᠠ ᠶᠢ ᠢᠳᠡᠪᠬᠢᠲᠡᠶ ᠳᠡᠯᠭᠡᠷᠡᠭᠦᠯᠦᠨ | ᠳᠡᠭᠡᠭᠰᠢᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ︽ᠦᠵᠡᠭᠳᠡᠬᠦ︾ ᠦᠢᠯᠡᠴᠢᠯᠡᠭᠡ ᠶᠢ ᠶᠡᠭᠡ ᠪᠠᠷ | ᠳᠡᠯᠭᠡᠷᠡᠭᠦᠯᠬᠦ ᠶᠢᠨ ᠬᠠᠮᠲᠤ ︽ᠦᠵᠡᠭᠳᠡᠬᠦ︾ ᠦᠢᠯᠡᠴᠢᠯᠡᠭᠡ ᠶᠢ ᠡᠮᠴᠢᠯᠡᠭᠡᠨ ᠤ ᠳᠠᠭᠠᠳᠬᠠᠯ ᠤᠨ ᠦᠨᠳᠦᠰᠦᠨ | ᠱᠠᠲᠤᠨ ᠤ ᠦᠢᠯᠡᠴᠢᠯᠡᠭᠡᠨ ᠤ ᠰᠢᠨ᠎ᠡ ᠠᠴᠢᠶᠠᠯᠠᠪᠤᠷᠢ ᠪᠣᠯᠭᠠᠵᠤ᠂ ᠣᠲᠣ ᠪᠣᠯᠲᠠᠯ᠎ᠠ ︽ᠦᠵᠡᠭᠳᠡᠬᠦ︾ | ᠦᠢᠯᠡᠴᠢᠯᠡᠭᠡᠨ ᠤ ᠭᠦᠢᠴᠡᠳᠬᠡᠬᠦ ᠬᠡᠮᠵᠢᠶ᠎ᠡ ᠨᠢ 500 ᠰᠢᠬᠠᠮ ᠬᠤᠪᠢ ᠬᠦᠷᠴᠡᠶ᠃ |