ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠪᠠᠶᠢᠴᠠᠭᠠᠨ ᠲᠣᠭᠲᠠᠭᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/7/29
ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠪᠠᠶᠢᠴᠠᠭᠠᠨ ᠲᠣᠭᠲᠠᠭᠠᠬᠤ ᠠᠵᠢᠯ ᠢ ᠢᠳᠡᠪᠬᠢᠲᠡᠶ ᠥᠷᠨᠢᠭᠦᠯᠪᠡ  ᠵᠠᠬ᠎ᠠ ᠳᠡᠯᠭᠡᠭᠦᠷ ᠤᠨ ᠬᠡᠮᠵᠢᠯᠲᠡ ᠶᠢᠨ ᠡᠮᠬᠢ ᠳᠢᠭᠯᠢᠮ ᠢ ᠬᠠᠮᠠᠭᠠᠯᠠᠵᠤ᠂ ᠢᠳᠡᠭᠡᠨ ᠤ ᠦᠢᠯᠡᠳᠪᠦᠷᠢᠯᠡᠯ ᠪᠣᠯᠤᠨ ᠭᠦᠢᠯᠭᠡᠭᠡᠨ ᠤ ᠭᠤᠭᠴᠤᠭ᠎ᠠ ᠶᠢᠨ ᠬᠡᠷᠡᠭᠯᠡᠬᠦ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠬᠤ ᠠᠵᠢᠯ ᠢ ᠢᠳᠡᠪᠬᠢᠲᠡᠶ ᠥᠷᠨᠢᠭᠦᠯᠪᠡ᠃  ᠰᠢᠯᠭᠠᠨ ᠲᠣᠭᠲᠠᠭᠠᠬᠤ ᠠᠵᠢᠯᠲᠠᠨ ᠬᠠᠷᠢᠶ᠎ᠠ ᠣᠷᠣᠨ ᠳᠤ ᠭᠦᠨᠵᠡᠭᠡᠶᠢᠷᠡᠨ᠂ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠵᠠᠷᠴᠢᠮ ᠶᠣᠰᠣᠭᠠᠷ᠂ ᠬᠠᠷᠢᠶ᠎ᠠ ᠣᠷᠣᠨ ᠤ ᠳᠣᠲᠣᠷᠠᠬᠢ ᠢᠳᠡᠰᠢᠨ ᠨᠣᠭᠤᠭ᠎ᠠ᠂ ᠮᠢᠬᠠᠨ ᠤ ᠵᠦᠢᠯ ᠂ ᠤᠰᠤᠨ ᠭᠠᠷᠤᠯᠲᠠ᠂ ᠬᠠᠭᠤᠷᠠᠶ ᠪᠠᠷᠠᠭ᠎ᠠ᠂ ᠪᠤᠯᠭᠤᠭᠰᠠᠨ ᠢᠳᠡᠭᠡᠨ ᠵᠡᠷᠭᠡ ᠬᠤᠳᠠᠯᠳᠤᠭᠠᠨ ᠤ ᠡᠷᠦᠬᠡ ᠶᠢᠨ ᠬᠡᠷᠡᠭᠯᠡᠵᠦ ᠪᠠᠶᠢᠭ᠎ᠠ ᠡᠯᠸ᠋ᠺᠲᠷᠣᠨ ᠡᠯᠧᠺᠳ᠋ᠷᠣᠨ ᠵᠢᠩᠯᠡᠭᠦᠷ ᠢ ᠲᠥᠪᠯᠡᠷᠡᠭᠦᠯᠦᠨ ᠰᠢᠯᠭᠠᠨ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠪᠠᠶᠢᠴᠠᠭᠠᠨ ᠲᠣᠭᠲᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠷᠢᠮᠵᠢᠶ᠎ᠠ ᠲᠠᠠᠭᠤ ᠶᠢ ᠠᠰᠢᠭᠯᠠᠨ ᠡᠵᠡᠩᠨᠡᠯᠲᠡ ᠶᠢᠨ ᠭᠤᠤᠯ ᠴᠣᠭᠴᠠ ᠶᠢᠨ ᠬᠡᠷᠡᠭᠯᠡᠵᠦ ᠪᠠᠶᠢᠭ᠎ᠠ ᠡᠯᠸ᠋ᠺᠲᠷᠣᠨ ᠵᠢᠩᠯᠡᠭᠦᠷ ᠨᠢ ᠵᠦᠶ ᠵᠣᠬᠢᠰᠲᠠᠶ ᠵᠥᠷᠢᠶ᠎ᠡ ᠶᠢᠨ ᠬᠡᠪᠴᠢᠶᠡᠨ ᠳᠣᠲᠣᠷ᠎ᠠ᠂ ᠬᠡᠮᠵᠢᠯᠲᠡ ᠶᠢᠨ ᠪᠠᠭᠠᠵᠢ ᠬᠡᠷᠡᠭᠰᠡᠯ ᠢᠶᠠᠷ ᠬᠦᠴᠦᠨ ᠲᠠᠢ ᠬᠤᠭᠤᠴᠠᠭ᠎ᠠ ᠶᠢ ᠪᠠᠶᠢᠴᠠᠭᠠᠨ ᠲᠣᠭᠲᠠᠭᠠᠭᠰᠠᠨ ᠡᠰᠡᠬᠦ ᠵᠡᠷᠭᠡ ᠬᠡᠮ ᠬᠢᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠲᠤ᠂ ᠡᠵᠡᠩᠨᠡᠭᠴᠢ ᠳᠤ ᠢᠳᠡᠪᠬᠢᠲᠡᠶ ᠪᠠᠷ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠡᠵᠡᠩᠨᠡᠭᠴᠢ ᠶᠢᠨ ᠪᠣᠯᠪᠠᠰᠤᠨ᠂ ᠦᠨᠡᠨᠴᠢ ᠢᠲᠡᠭᠡᠮᠵᠢᠲᠡᠶ ᠡᠵᠡᠩᠨᠡᠬᠦ ᠶᠢ ᠬᠥᠲᠥᠯᠦᠨ ᠵᠢᠯᠣᠭᠤᠳᠴᠤ᠂ ᠬᠡᠷᠡᠭᠯᠡᠭᠡᠨ ᠤ ᠵᠢᠭᠤᠷᠠᠯᠳᠤᠭᠠᠨ ᠢ ᠪᠠᠭᠠᠰᠬᠠᠨ᠂ ᠠᠷᠠᠯᠵᠢᠶᠠᠨ ᠤ ᠲᠥᠪ ᠭᠤᠤᠯᠴᠢ ᠪᠠᠶᠢᠬᠤ ᠶᠢ ᠪᠠᠲᠤᠯᠠᠪᠠ᠃  ᠣᠳᠣᠬᠠᠨ ᠪᠣᠯᠲᠠᠯ᠎ᠠ᠂ ᠡᠯᠸ᠋ᠺᠲᠷᠣᠨ ᠵᠢᠩᠯᠡᠭᠦᠷ ᠢ ᠨᠡᠶᠢᠲᠡ 116 ᠰᠢᠯᠭᠠᠨ ᠲᠣᠭᠲᠠᠭᠠᠵᠤ᠂ ᠬᠢᠷᠢ ᠲᠡᠩᠴᠡᠭᠰᠡᠨ 107 ᠰᠠᠭᠤᠷᠢ᠂ ᠬᠢᠷᠢ ᠲᠡᠩᠴᠡᠭᠰᠡᠨ ᠥᠬᠡᠶ 9 ᠰᠠᠭᠤᠷᠢ ᠰᠢᠯᠭᠠᠨ ᠲᠣᠭᠲᠠᠭᠠᠵᠤ᠂ ᠰᠢᠯᠭᠠᠨ ᠲᠣᠭᠲᠠᠭᠠᠬᠤ ᠳᠤ ᠬᠢᠷᠢ ᠲᠡᠩᠴᠡᠭᠰᠡᠨ ᠡᠯᠸ᠋ᠺᠲᠷᠣᠨ ᠵᠢᠩᠯᠡᠭᠦᠷ ᠲᠤ ᠴᠢᠩᠭ᠎ᠠ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠢ ᠨᠠᠭᠠᠵᠤ᠂ ᠬᠡᠮᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ᠂ ᠨᠢᠭᠡᠨᠲᠡ ᠡᠪᠳᠡᠭᠳᠡᠭᠰᠡᠨ ᠡᠯᠸ᠋ᠺᠲᠷᠣᠨ ᠵᠢᠩᠯᠡᠭᠦᠷ ᠢ ᠬᠡᠷᠡᠭᠯᠡᠬᠦ ᠶᠢ ᠵᠠᠷᠯᠢᠭᠳᠠᠨ ᠵᠣᠭᠰᠣᠭᠠᠪᠠ︔ ᠲᠤᠬᠠᠶ ᠶᠢᠨ ᠲᠠᠯᠠᠪᠤᠷ ᠲᠤ ᠬᠡᠮ ᠬᠢᠭᠰᠡᠨ ᠡᠯᠸ᠋ᠺᠲᠷᠣᠨ ᠵᠢᠩᠯᠡᠭᠦᠷ ᠢ ᠢᠯᠡᠷᠡᠭᠦᠯᠦᠭᠰᠡᠨ ᠥᠬᠡᠶ᠃  ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠣᠭᠤᠷᠢᠨ ᠳᠤ᠂ ᠬᠡᠷᠡᠭᠯᠡᠵᠦ ᠪᠠᠶᠢᠭ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠬᠤ ᠠᠬᠢᠴᠠ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠪᠠ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号